ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 26 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠠᠷᠠᠳ ᠤᠨ ᠶᠠᠪᠤᠳᠠᠯ ᠤᠨ | ᠠᠵᠢᠯ ᠳᠤ ᠴᠢᠬᠤᠯᠠ ᠵᠢᠭᠠᠪᠤᠷᠢ ᠥᠭᠴᠦ᠂ ᠣᠶᠢᠷ᠎ᠠ ᠶᠢᠨ ᠵᠢᠯ ᠠᠴᠠ ᠨᠠᠭᠠᠰᠢ ᠠᠷᠠᠳ ᠤᠨ ᠶᠠᠪᠤᠳᠠᠯ ᠤᠨ | ᠰᠢᠰᠲ᠋ᠧᠮ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ | ᠭᠦᠢᠴᠡᠳᠬᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠤ᠂ ᠨᠠᠮ ᠪᠣᠯᠣᠨ ᠤᠯᠤᠰ ᠤᠨ ᠠᠵᠢᠯ ᠤᠨ | ᠶᠡᠭᠡ ᠲᠠᠯ᠎ᠠ ᠳᠤ ᠬᠦᠴᠦᠲᠡᠢ ᠦᠢᠯᠡᠴᠢᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠷᠠᠳ ᠤᠨ ᠠᠮᠢᠳᠤᠷᠠᠯ ᠪᠣᠯ | ᠬᠠᠮᠤᠭ ᠤᠨ ᠶᠡᠭᠡ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠤᠨ | ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ | ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ ᠠᠵᠢᠯ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ | ᠲᠥᠷᠥ ᠶᠢᠨ ᠪᠣᠳᠣᠯᠭ᠎ᠠ ᠳᠦᠷᠢᠮ ᠤᠨ ᠰᠢᠰᠲ᠋ᠧᠮ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ᠂ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ᠂ ᠨᠡᠶᠢᠭᠡᠮ ᠨᠡᠶᠢᠳᠡ ᠶᠢᠨ ᠣᠷᠤᠯᠴᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠥᠮᠥᠨ | ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ | ᠬᠦᠴᠦᠯᠡᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ | ᠶᠠᠪᠤᠳᠠᠯ᠂ ᠨᠡᠶᠢᠭᠡᠮ ᠤᠨ ᠵᠠᠰᠠᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠷᠠᠳ ᠣᠯᠠᠨ ᠳᠤ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠨ ᠥᠭᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠠᠷᠪᠠᠨ ᠲᠠᠪᠤᠳᠤᠭᠠᠷ ᠤᠳᠠᠭ᠎ᠠ ᠶᠢᠨ ᠪᠦᠭᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ 10 ᠰᠠᠷ᠎ᠠ ᠶᠢᠨ | 25 ᠠᠴᠠ 26 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠣᠶᠢᠷ᠎ᠠ ᠶᠢᠨ | ᠵᠢᠯ ᠤᠨ ᠲᠤᠷᠰᠢᠬᠢ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠳᠤ ᠣᠯᠣᠭᠰᠠᠨ ᠢᠯᠡᠷᠬᠡᠢ | ᠠᠮᠵᠢᠯᠲᠠ ᠶᠢ ᠭᠦᠢᠴᠡᠳ ᠨᠤᠲᠠᠯᠠᠵᠤ᠂ ᠪᠠᠶᠢᠯᠳᠤᠬᠤ ᠪᠣᠳᠣᠯᠭ᠎ᠠ ᠪᠣᠯᠣᠨ ᠪᠦᠭᠦ ᠲᠠᠯ᠎ᠠ ᠶᠢᠨ ᠥᠨᠳᠥᠷᠴᠡ ᠠᠴᠠ | ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠢ ᠨᠠᠨᠳᠢᠨ ᠬᠦᠰᠡᠯ ᠨᠠᠶᠢᠳᠠᠯᠭ᠎ᠠ ᠪᠣᠯᠣᠨ ᠲᠣᠳᠣᠷᠬᠠᠢ | ᠱᠠᠭᠠᠷᠳᠠᠯᠭ᠎ᠠ ᠳᠤᠷᠠᠳᠴᠤ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠶᠠᠪᠤᠳᠠᠯ ᠤᠨ ᠠᠵᠢᠯ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ᠂ ᠠᠷᠠᠳ ᠤᠨ ᠶᠠᠪᠤᠳᠠᠯ ᠤᠨ ᠠᠵᠢᠯ ᠦᠢᠯᠡᠰ ᠨᠢ ᠬᠥᠮᠥᠨ ᠮᠥᠰᠥ ᠶᠢᠨ ᠭᠡᠷᠡᠯ ᠭᠢᠯᠪᠠᠭ᠎ᠠ ᠶᠢ | ᠰᠠᠴᠤᠷᠠᠭᠤᠯᠵᠤ᠂ ᠨᠡᠶᠢᠭᠡᠮ ᠤᠨ ᠨᠢᠩᠵᠢᠨ ᠰᠡᠳᠬᠢᠯ ᠢ ᠢᠯᠡᠷᠡᠭᠦᠯᠵᠦ᠂ ᠶᠣᠰᠣ ᠰᠤᠷᠲᠠᠬᠤᠨ ᠤ ᠬᠤᠷᠢᠭ᠎ᠠ ᠱᠤᠭᠤᠮ ᠢ | ᠪᠠᠲᠤ ᠰᠠᠬᠢᠵᠤ᠂ ᠪᠣᠯᠪᠠᠰᠤᠨ ᠤ ᠤᠯᠠᠮᠵᠢᠯᠠᠯ ᠢ ᠢᠯᠡᠷᠡᠭᠦᠯᠵᠦ ᠪᠠᠶᠢᠳᠠᠭ ᠪᠦᠭᠦ ᠨᠡᠶᠢᠭᠡᠮ ᠤᠨ ᠬᠠᠮᠲᠤ ᠶᠢᠨ ᠠᠵᠢᠯ | ᠦᠢᠯᠡᠰ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠭᠤᠤ ᠶᠡᠭᠡ | ᠦᠢᠯᠡᠳᠦᠯᠭᠡ ᠨᠢ ᠠᠷᠠᠳ ᠤᠨ ᠶᠠᠪᠤᠳᠠᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠪᠠᠷ | ᠳᠠᠮᠵᠢᠭᠤᠯᠤᠨ ᠬᠦᠴᠢᠷᠳᠡᠯ ᠲᠠᠢ ᠤᠯᠠᠨ ᠲᠦᠮᠡᠨ᠂ ᠵᠡᠮᠳᠡᠭᠴᠦᠳ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ | ᠬᠥᠮᠥᠰ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠠᠲᠤᠯᠠᠨ᠂ ᠰᠠᠶᠢᠲᠤᠷ ᠬᠥᠭᠵᠢᠭᠦᠯᠵᠦ᠂ ᠬᠠᠮᠲᠤ ᠶᠢᠨ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠬᠦ | ᠠᠮᠢᠳᠤᠯᠢᠭ ᠪᠠᠶᠢᠳᠠᠯ ᠢ ᠪᠤᠢ ᠪᠤᠯᠭᠠᠬᠤ ᠶᠢ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠯᠢ ᠴᠢᠶᠠᠩ᠂ ᠠᠷᠠᠳ ᠤᠨ ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠠᠷᠠᠳ ᠤᠨ | ᠶᠠᠪᠤᠳᠠᠯ ᠤᠨ ᠠᠵᠢᠯ ᠢ ᠬᠢᠵᠦ᠂ ᠰᠠᠶᠢᠨ ᠶᠠᠪᠤᠳᠠᠯ ᠪᠣᠳᠠᠲᠤ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ | ᠭᠦᠷᠲᠡᠯ᠎ᠡ ᠬᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ ᠲᠦᠮᠡᠨ ᠤ ᠣᠯᠠᠨ ᠡᠰᠢᠲᠦ | ᠬᠡᠷᠡᠭᠴᠡᠭᠡ ᠠᠴᠠ ᠡᠭᠦᠰᠴᠦ᠂ ᠲᠥᠷᠥ ᠶᠢᠨ ᠪᠣᠳᠣᠯᠭ᠎ᠠ ᠶᠢᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ | ᠴᠢᠩᠭᠠᠳᠬᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠬᠠᠳᠠᠨ | ᠴᠢᠨᠠᠷ ᠪᠣᠯᠣᠨ ᠠᠵᠢᠯ ᠤᠨ ᠤᠶᠠᠨ ᠴᠢᠨᠠᠷ ᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠬᠠᠷᠢᠭᠤ ᠲᠤᠰᠬᠠᠬᠤ ᠳᠤ ᠲᠥᠷᠥ ᠶᠢᠨ ᠪᠣᠳᠣᠯᠭ᠎ᠠ ᠶᠢ ᠦᠨᠡᠯᠡᠨ ᠰᠢᠯᠢᠳᠡᠭᠵᠢᠭᠦᠯᠬᠦ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠴᠢᠩᠭ᠎ᠠ ᠲᠤᠯᠭᠠᠮ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠠᠷ ᠠᠷᠠᠳ ᠤᠨ ᠶᠠᠪᠤᠳᠠᠯ ᠤᠨ ᠠᠵᠢᠯ ᠢ ᠬᠢᠵᠦ᠂ ᠤᠯᠤᠰ ᠲᠦᠷᠦ ᠶᠢᠨ ᠲᠠᠯ᠎ᠠ ᠠᠴᠠ ᠠᠷᠠᠳ ᠤᠨ | ᠶᠠᠪᠤᠳᠠᠯ ᠤᠨ ᠦᠢᠯᠡᠰ ᠢ ᠪᠣᠳᠣᠯᠬᠢᠯᠠᠬᠤ᠂ ᠲᠥᠯᠥᠪᠵᠢᠭᠦᠯᠬᠦ᠂ ᠠᠬᠢᠭᠤᠯᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ | ᠭᠦᠨ ᠭᠦᠨᠵᠡᠭᠡᠢ ᠨᠠᠷᠢᠨ ᠨᠢᠮᠪᠠᠢ ᠰᠤᠷᠲᠠᠯ ᠢᠶᠠᠷ ᠠᠷᠠᠳ ᠤᠨ ᠶᠠᠪᠤᠳᠠᠯ ᠤᠨ ᠠᠵᠢᠯ ᠢ ᠬᠢᠵᠦ᠂ | ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠠᠵᠢᠯ ᠢ ᠪᠣᠳᠠᠲᠠᠢ | ᠪᠥᠭᠡᠳ ᠭᠦᠨᠵᠡᠭᠡᠢ ᠠᠳᠬᠤᠵᠤ᠂ ᠤᠴᠢᠷ ᠶᠠᠪᠤᠳᠠᠯ ᠢ ᠨᠠᠷᠢᠯᠢᠭ ᠲᠠᠯ᠎ᠠ ᠠᠴᠠ᠂ ᠤᠴᠢᠷ ᠶᠠᠪᠤᠳᠠᠯ ᠢ ᠡᠷᠲᠡ ᠠᠴᠠ | ᠪᠡᠯᠡᠳᠬᠡᠬᠦ ᠨᠡᠪᠲᠡ ᠠᠵᠢᠭᠯᠠᠬᠤ ᠴᠢᠳᠠᠪᠤᠷᠢ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠯᠠᠨ ᠲᠦᠮᠡᠨ ᠤ ᠠᠮᠢᠳᠤᠷᠠᠯ ᠤᠨ ᠵᠢᠵᠢᠭ ᠶᠠᠪᠤᠳᠠᠯ ᠢ ᠰᠢᠢᠳᠪᠦᠷᠢᠯᠡᠬᠦ | ᠳᠤᠮᠳᠠ ᠠᠷᠠᠳ ᠤᠨ ᠲᠥᠯᠥᠭᠡ ᠪᠠᠶᠢᠬᠤ ᠠᠷᠠᠳ ᠢ ᠬᠠᠶᠢᠷᠠᠯᠠᠬᠤ ᠶᠡᠭᠡ ᠶᠠᠪᠤᠳᠠᠯ ᠢ ᠴᠢᠳᠠᠮᠠᠭᠠᠢ ᠬᠢᠬᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠷᠠᠳ ᠤᠨ ᠶᠠᠪᠤᠳᠠᠯ ᠤᠨ ᠠᠵᠢᠯ ᠢ ᠬᠢᠵᠦ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ | ᠥᠭᠡᠷᠡᠴᠢᠯᠡᠯᠲᠡ ᠶᠢ ᠰᠢᠰᠲ᠋ᠧᠮ ᠲᠠᠢ ᠲᠥᠯᠥᠪᠵᠢᠭᠦᠯᠦᠨ ᠬᠡᠷᠡᠭᠵᠢᠭᠦᠯᠵᠦ᠂ ᠤᠯᠠᠨ ᠲᠦᠮᠡᠨ ᠤ ᠨᠢᠳᠦᠨ ᠡᠮᠦᠨ᠎ᠡ | ᠲᠤᠯᠭᠠᠷᠠᠵᠤ ᠪᠠᠶᠢᠭ᠎ᠠ ᠵᠣᠪᠠᠨᠢᠵᠤ ᠲᠦᠪᠡᠭᠳᠡᠵᠦ ᠪᠠᠶᠢᠭ᠎ᠠ ᠤᠴᠢᠷ ᠶᠠᠪᠤᠳᠠᠯ ᠢ ᠰᠠᠶᠢᠲᠤᠷ ᠰᠢᠢᠳᠪᠦᠷᠢᠯᠡᠬᠦ ᠪᠠᠷ ᠪᠠᠷᠠᠬᠤ | ᠦᠭᠡᠢ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ | ᠰᠠᠨᠠᠭᠠᠴᠢᠯᠠᠭ᠎ᠠ ᠠᠴᠠ ᠪᠠᠨ ᠲᠡᠭᠦᠯᠳᠡᠷᠵᠢᠭᠦᠯᠦᠨ ᠲᠥᠯᠥᠪᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ | ᠴᠢᠶᠠᠩ ᠤᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ | ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠤᠯᠠᠮ ᠨᠢᠭᠡ ᠠᠯᠬᠤᠮ ᠪᠦᠷᠢᠨᠰᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠣᠷᠣᠨ ᠬᠤᠪᠢᠶᠠᠷᠢᠯᠠᠯ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠦᠢᠯᠡᠰ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ | ᠠᠶᠠᠨ ᠤ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠦᠭᠦ ᠤᠯᠤᠰ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠲᠡᠷᠢᠭᠦᠨ ᠤ ᠬᠠᠮᠲᠤ᠂ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠠᠢ᠃ ᠱᠠᠩᠬᠠᠢ ᠬᠤᠲᠠ᠂ | ᠵᠢᠶᠠᠩᠰᠤ ᠮᠤᠵᠢ᠂ ᠵᠧᠵᠢᠶᠠᠩ ᠮᠤᠵᠢ᠂ ᠵᠢᠶᠠᠩᠰᠢ ᠮᠤᠵᠢ᠂ ᠱᠠᠨᠳᠦ᠋ᠩ ᠮᠤᠵᠢ᠂ ᠰᠧᠴᠤᠸᠠᠨ ᠮᠤᠵᠢ᠂ ᠭᠦᠢᠵᠧᠦ | ᠮᠤᠵᠢ᠂ ᠱᠠᠨᠰᠢ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠨ ᠰᠣᠯᠢᠯᠴᠠᠬᠤ ᠦᠭᠡ | ᠬᠡᠯᠡᠪᠡ᠃ | ᠦ᠋ ᠵᠧᠩ ᠯᠦᠩ ᠬᠤᠷᠠᠯ ᠳᠤ ᠣᠷᠣᠯᠴᠠᠪᠠ᠃ | ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠬᠠᠷᠢᠭᠤᠴᠠᠯᠭᠠᠲᠠᠨ ᠨᠥᠬᠦᠳ᠂ | ᠬᠥᠬᠢᠭᠦᠯᠦᠭᠳᠡᠨ ᠰᠠᠶᠢᠰᠢᠶᠠᠭᠳᠠᠭᠰᠠᠨ ᠬᠠᠮᠲᠤ ᠪᠣᠯᠣᠨ ᠬᠤᠪᠢ ᠬᠥᠮᠥᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠢ᠃ | |