ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 28 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 28 ᠤ ᠦᠳᠡ ᠶᠢᠨ | ᠬᠤᠶᠢᠨ᠎ᠠ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠠᠷᠪᠠᠨ ᠳᠣᠯᠣᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ 2035 ᠣᠨ ᠳᠤ ᠰᠣᠶᠣᠯ ᠤᠨ ᠬᠦᠴᠦᠷᠬᠡᠭ | ᠤᠯᠤᠰ ᠢ ᠪᠠᠶᠢᠭᠤᠯᠤᠨ ᠪᠦᠲᠦᠭᠡᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠷᠺᠰ ᠤᠨ ᠦᠵᠡᠯ ᠭᠡᠬᠦ ᠡᠨᠡ ᠬᠦ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠳᠡᠯᠭᠡᠷ | ᠭᠦᠨ ᠭᠦᠨᠵᠡᠭᠡᠢ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ | ᠬᠥᠭᠵᠢᠯᠲᠡ ᠶᠢᠨ ᠤᠷᠤᠰᠬᠠᠯ ᠳᠤ ᠵᠣᠬᠢᠴᠠᠵᠤ᠂ ᠬᠦᠴᠦᠷᠬᠡᠭ ᠶᠡᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ | ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ᠂ ᠥᠷᠲᠡᠭ ᠤᠨ ᠤᠷᠢᠶᠠᠯᠠᠬᠤ ᠬᠦᠴᠦᠨ᠂ ᠳᠡᠯᠡᠬᠡᠢ | ᠳ᠋ᠠᠬᠢᠨ ᠳᠤ ᠨᠥᠯᠥᠭᠡᠯᠡᠬᠦ ᠬᠦᠴᠦᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ | ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠣᠶᠣᠯ ᠤᠨ ᠦᠨᠳᠦᠰᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠪᠡᠭᠡᠵᠢᠩ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠸᠠᠩ ᠪᠦᠸᠧ ᠨᠥᠬᠦᠷ ᠡᠨᠡ ᠬᠦ | ᠠᠰᠠᠭᠤᠳᠠᠯ ᠤᠨ ᠲᠤᠬᠠᠢ ᠲᠠᠶᠢᠯᠪᠤᠷᠢᠯᠠᠵᠤ᠂ ᠠᠵᠢᠯ ᠤᠨ ᠰᠠᠨᠠᠭᠤᠯᠭ᠎ᠠ ᠳᠤᠷᠠᠳᠪᠠ᠃ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠪᠤᠷᠢᠯᠠᠬᠤ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠪᠤᠷᠢᠯᠠᠬᠤ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠣᠶᠣᠯ ᠤᠨ ᠪᠠᠶᠢᠭᠤᠯᠤᠯᠲᠠ ᠶᠢ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠯᠢ ᠤᠯᠠᠨ | ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠣᠶᠣᠯ ᠤᠨ ᠪᠠᠶᠢᠭᠤᠯᠤᠯᠲᠠ ᠶᠢᠨ ᠤᠭ | ᠦᠨᠳᠦᠰᠦ ᠠᠴᠠ ᠨᠢ ᠴᠡᠭᠴᠡᠯᠡᠨ ᠵᠠᠰᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠳᠤᠮᠳᠠ ᠲᠡᠦᠬᠡᠲᠦ | ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ | ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠰᠣᠶᠣᠯ ᠤᠨ ᠬᠦᠷᠢᠶᠡᠨ ᠳᠠᠬᠢ ᠵᠠᠰᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ ᠤᠨ ᠲᠠᠯ᠎ᠠ ᠪᠠᠷ ᠨᠠᠮ ᠤᠨ ᠲᠦᠷᠦ | ᠪᠠᠷᠢᠬᠤ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ | ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠰᠣᠶᠣᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠣᠳᠣᠬᠢᠴᠢᠯᠠᠯᠲᠠ ᠳᠤ ᠬᠠᠨᠳᠤᠭᠰᠠᠨ᠂ | ᠳᠡᠯᠡᠬᠡᠢ ᠳᠤ ᠬᠠᠨᠳᠤᠭᠰᠠᠨ᠂ ᠢᠷᠡᠭᠡᠳᠦᠢ ᠳᠤ ᠬᠠᠨᠳᠤᠭᠰᠠᠨ᠂ ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ | ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ | ᠦᠷᠲᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ | ᠳᠤᠮᠳᠠᠳᠤ ᠤᠯᠤᠰ ᠤᠨ ᠦᠷᠲᠡᠭ᠂ ᠳᠤᠮᠳᠠᠳᠤ ᠤᠯᠤᠰ ᠤᠨ ᠬᠦᠴᠦᠨ ᠢ ᠲᠠᠰᠤᠷᠠᠯᠲᠠ ᠦᠭᠡᠢ ᠪᠤᠢ ᠪᠤᠯᠭᠠᠵᠤ᠂ | ᠭᠤᠣᠯ ᠦᠷᠲᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠰᠠᠨ | ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ ᠲᠠᠯᠪᠢᠬᠤ᠂ | ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠶᠢ | ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠰᠣᠶᠣᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠭᠤᠭᠴᠤᠭ᠎ᠠ ᠪᠤᠯᠭᠠᠵᠤ᠂ ᠰᠣᠶᠣᠯ ᠤᠨ | ᠬᠠᠮᠢᠶᠠᠷᠤᠯᠲᠠ ᠶᠢᠨ ᠪᠠᠶᠢᠭᠤᠯᠤᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ | ᠲᠡᠭᠦᠯᠳᠡᠷᠵᠢᠭᠦᠯᠬᠦ ᠬᠡᠷᠡᠭᠲᠡᠢ᠃ ᠰᠣᠶᠣᠯ ᠤᠨ ᠠᠩᠬᠠᠨ ᠤ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠶᠢᠨ | ᠲᠣᠭᠤᠷᠢᠨ ᠳᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠦᠢᠯᠡᠴᠢᠯᠡᠭᠡ᠂ ᠬᠥᠲᠥᠯᠥᠨ | ᠵᠢᠯᠤᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ ᠰᠠᠶᠢᠵᠢᠷᠠᠭᠤᠯᠵᠤ᠂ ᠬᠥᠮᠥᠰ ᠤᠨ ᠰᠡᠳᠬᠢᠯ ᠳᠤ | ᠬᠠᠳᠠᠩᠰᠢᠭᠰᠠᠨ ᠨᠢᠭᠡ ᠪᠦᠯᠦᠭ ᠴᠠᠭ ᠦᠶ᠎ᠡ ᠶᠢᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠵᠦ᠂ ᠳᠤᠮᠳᠠᠳᠤ ᠶᠢᠨ | ᠰᠣᠶᠣᠯ ᠤᠨ ᠰᠢᠨ᠎ᠡ ᠣᠷᠭᠢᠯ ᠢ ᠴᠣᠭᠴᠠᠯᠠᠬᠤ ᠬᠡᠷᠡᠭᠲᠡᠢ᠃ ᠰᠠᠶᠢᠨ ᠰᠠᠶᠢᠬᠠᠨ ᠰᠣᠶᠣᠯ ᠤᠨ ᠠᠮᠢ ᠠᠬᠤᠢ ᠶᠢ | ᠢᠳᠡᠪᠬᠢᠲᠡᠢ ᠪᠤᠢ ᠪᠤᠯᠭᠠᠵᠤ᠂ ᠡᠷᠳᠡᠮ ᠰᠢᠨᠵᠢᠯᠡᠭᠡᠨ ᠤ ᠠᠷᠠᠳᠴᠢᠯᠠᠯ᠂ ᠤᠳᠬ᠎ᠠ ᠤᠷᠠᠯᠢᠭ ᠤᠨ ᠠᠷᠠᠳᠴᠢᠯᠠᠯ ᠢ | ᠭᠦᠢᠴᠡᠳ ᠪᠠᠳᠠᠷᠠᠭᠤᠯᠤᠨ᠂ ᠵᠣᠬᠢᠶᠠᠯᠴᠢ᠂ ᠤᠷᠠᠯᠢᠭᠴᠢᠨ ᠪᠠ ᠲᠤᠰᠬᠠᠢ ᠮᠡᠷᠭᠡᠵᠢᠯᠲᠡᠨ ᠡᠷᠳᠡᠮᠲᠡᠨ ᠤ ᠠᠮᠢᠳᠤᠷᠠᠯ ᠳᠤ | ᠦᠨᠳᠦᠰᠦᠯᠡᠵᠦ᠂ ᠨᠢᠭᠡ ᠰᠡᠳᠬᠢᠯ ᠢᠶᠠᠷ ᠵᠣᠬᠢᠶᠠᠨ ᠪᠦᠲᠦᠭᠡᠬᠦ ᠶᠢ ᠳᠡᠮᠵᠢᠵᠦ᠂ ᠰᠣᠶᠣᠯ ᠤᠨ ᠰᠢᠨ᠎ᠡ ᠶᠢ ᠡᠭᠦᠳᠬᠦ ᠪᠠ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠤ ᠦᠷᠭᠦᠯᠵᠢᠯᠡᠨ ᠣᠷᠭᠢᠯᠤᠨ ᠪᠠᠳᠠᠷᠠᠬᠤ ᠶᠢ ᠠᠬᠢᠭᠤᠯᠬᠤ ᠬᠡᠷᠡᠭᠲᠡᠢ᠃ | ᠰᠣᠶᠣᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ | ᠰᠦᠪᠡᠭᠴᠢᠯᠡᠵᠦ᠂ ᠰᠣᠶᠣᠯ ᠤᠨ ᠪᠠᠶᠢᠭᠤᠯᠤᠯᠲᠠ ᠶᠢᠨ ᠲᠣᠭᠠᠴᠢᠯᠠᠯᠲᠠ ᠪᠠᠷ ᠬᠦᠴᠦᠨ ᠨᠡᠮᠡᠷᠢᠯᠡᠬᠦ᠂ ᠮᠡᠳᠡᠭᠡ | ᠵᠠᠩᠭᠢᠵᠢᠯᠲᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ | ᠰᠣᠶᠣᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠪᠠᠶᠢᠭᠤᠯᠤᠯᠲᠠ ᠨᠢ ᠢᠮᠠᠭᠲᠠ ᠬᠥᠮᠥᠨ ᠤ ᠬᠥᠭᠵᠢᠯᠲᠡ ᠪᠠᠷ ᠭᠤᠣᠯ ᠪᠤᠯᠭᠠᠵᠤ᠂ | ᠡᠴᠦᠰ ᠲᠡᠭᠡᠨ ᠬᠥᠮᠥᠰ ᠤᠨ ᠬᠡᠷᠡᠭᠴᠡᠭᠡ ᠶᠢ ᠬᠠᠩᠭᠠᠬᠤ ᠶᠢ ᠪᠠᠷᠢᠮᠲᠠᠯᠠᠬᠤ ᠬᠡᠷᠡᠭᠲᠡᠢ᠃ ᠠᠷᠠᠳ ᠤᠯᠠᠨ ᠤ ᠤᠯᠠᠨ | ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠰᠣᠶᠣᠯ ᠤᠨ ᠬᠡᠷᠡᠭᠴᠡᠭᠡ ᠶᠢ | ᠬᠠᠩᠭᠠᠬᠤ ᠶᠢ ᠪᠣᠳᠣᠯᠬᠢᠯᠠᠵᠤ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠰᠣᠶᠣᠯ ᠢᠶᠠᠷ ᠰᠠᠨᠠᠭ᠎ᠠ ᠵᠣᠷᠢᠭ ᠢ ᠬᠥᠭᠵᠢᠭᠡᠬᠦ᠂ ᠦᠵᠡᠯ ᠰᠡᠳᠬᠢᠯᠭᠡ ᠶᠢ | ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠦᠭᠦ ᠦᠨᠳᠦᠰᠦᠲᠡᠨ ᠤ ᠴᠤᠭ ᠪᠠᠳᠠᠷᠠᠩᠭᠤᠢ | ᠤᠶᠤᠨ ᠰᠠᠨᠠᠭᠠᠨ ᠤ ᠰᠦᠷ ᠵᠢᠪᠬᠤᠭ᠎ᠠ ᠶᠢ ᠬᠠᠳᠠᠭᠠᠯᠠᠬᠤ ᠬᠡᠷᠡᠭᠲᠡᠢ᠃ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ | ᠶᠣᠰᠣ ᠶᠢ ᠭᠦᠨᠳᠦᠳᠭᠡᠵᠦ᠂ ᠰᠣᠶᠣᠯ ᠤᠨ ᠬᠦᠷᠢᠶᠡᠨ ᠤ ᠣᠨᠴᠠᠯᠢᠭ ᠲᠤ ᠨᠡᠶᠢᠴᠡᠭᠰᠡᠨ ᠴᠢᠳᠠᠪᠤᠷᠢᠲᠠᠨ ᠢ ᠰᠢᠯᠢᠨ | ᠰᠣᠩᠭᠤᠬᠤ᠂ ᠬᠥᠮᠥᠵᠢᠭᠦᠯᠬᠦ᠂ ᠬᠡᠷᠡᠭᠯᠡᠬᠦ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ | ᠲᠠᠨᠢᠬᠤ᠂ ᠴᠢᠳᠠᠪᠤᠷᠢᠲᠠᠨ ᠢ ᠴᠢᠬᠤᠯᠠᠴᠢᠯᠠᠬᠤ᠂ ᠴᠢᠳᠠᠪᠤᠷᠢᠲᠠᠨ ᠢ ᠬᠠᠶᠢᠷᠠᠯᠠᠬᠤ ᠰᠠᠶᠢᠨ ᠰᠠᠶᠢᠬᠠᠨ ᠲᠦᠷᠦ ᠶᠢᠨ | ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠵᠣᠬᠢᠰᠲᠠᠢ᠂ | ᠵᠣᠷᠢᠭᠲᠠᠢ ᠪᠠᠷ ᠰᠢᠨ᠎ᠡ ᠶᠢ ᠡᠭᠦᠳᠬᠦ ᠥᠨᠳᠥᠷ ᠲᠦᠪᠰᠢᠨ ᠪᠦᠬᠦᠢ ᠰᠣᠶᠣᠯ ᠤᠨ ᠴᠢᠳᠠᠪᠤᠷᠢᠲᠠᠨ ᠤ ᠡᠩᠨᠡᠭᠡ ᠶᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠲᠦᠭᠡᠯᠴᠢ ᠴᠢᠨᠠᠷᠲᠠᠢ ᠣᠨᠳᠣᠣᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ | ᠳᠤᠮᠳᠠ ᠳᠤᠮᠳᠠᠳᠤ ᠶᠢᠨ ᠰᠣᠶᠣᠯ ᠤᠨ ᠦᠨᠳᠦᠰᠦ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠶᠡᠭᠡ ᠪᠠᠷ ᠪᠠᠳᠠᠷᠠᠭᠤᠯᠵᠤ᠂ ᠲᠡᠦᠬᠡ ᠶᠢᠨ | ᠬᠤᠪᠢᠰᠤᠯᠲᠠ ᠶᠢ ᠲᠤᠭᠤᠯᠤᠨ ᠥᠪᠯᠡᠭᠳᠡᠨ ᠦᠯᠡᠳᠡᠭᠰᠡᠨ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ | ᠰᠠᠶᠢᠲᠤᠷ ᠬᠠᠮᠠᠭᠠᠯᠠᠵᠤ᠂ ᠰᠠᠶᠢᠲᠤᠷ ᠪᠠᠳᠠᠷᠠᠭᠤᠯᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠠᠭᠤᠯᠬᠤᠨ ᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ | ᠮᠠᠷᠺᠰ ᠤᠨ ᠦᠵᠡᠯ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠳᠣᠲᠣᠷᠠᠬᠢ ᠰᠢᠯᠢᠳᠡᠭ ᠡᠯᠧᠮᠧᠨ᠋ᠲ ᠢ | ᠬᠥᠭᠵᠢᠭᠡᠬᠦ ᠶᠢᠨ ᠬᠠᠮᠲᠤ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠬᠤᠨ ᠣᠯᠭᠤᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠲᠡᠦᠬᠡ ᠶᠢ | ᠪᠢᠰᠢᠷᠡᠨ ᠵᠢᠷᠦᠬᠡᠰᠢᠶᠡᠬᠦ᠂ ᠰᠣᠶᠣᠯ ᠢ ᠬᠠᠶᠢᠷᠠᠯᠠᠬᠤ ᠰᠡᠳᠬᠢᠯ ᠢ ᠡᠪᠦᠷᠯᠡᠵᠦ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ | ᠂ ᠵᠦᠢ ᠵᠣᠬᠢᠰᠲᠠᠢ ᠠᠰᠢᠭᠯᠠᠬᠤ ᠪᠠ ᠬᠠᠮᠤᠭ ᠤᠨ ᠪᠠᠭ᠎ᠠ ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠪᠠᠷᠢᠮᠲᠠᠯᠠᠵᠤ᠂ | ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ | ᠠᠬᠢᠭᠤᠯᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠨ ᠤᠯᠤᠰ ᠲᠠᠬᠢ | ᠳᠠᠮᠵᠢᠭᠤᠯᠭ᠎ᠠ ᠶᠢᠨ ᠪᠠᠶᠢᠷᠢᠰᠢᠯ ᠢ ᠲᠠᠭᠢᠨ ᠴᠣᠭᠴᠠᠯᠠᠬᠤ ᠶᠢ ᠠᠬᠢᠭᠤᠯᠵᠤ᠂ ᠰᠦᠯᠵᠢᠶᠡᠨ ᠤ ᠭᠠᠳᠠᠭᠠᠳᠤ | ᠤᠬᠠᠭᠤᠯᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠤᠯᠠᠨ ᠠᠷᠭ᠎ᠠ ᠵᠠᠮ᠂ ᠪᠣᠰᠤᠭ᠎ᠠ ᠴᠣᠭᠴᠠᠲᠤ ᠮᠠᠶ᠋ᠢᠭ ᠤᠨ | ᠭᠠᠳᠠᠭᠠᠳᠤ ᠳᠤ ᠳᠠᠮᠵᠢᠭᠤᠯᠬᠤ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠵᠣᠷᠢᠯᠲᠠ ᠶᠢ ᠨᠡᠩ | ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ | ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠣᠯᠠᠨ ᠶᠠᠩᠵᠤ ᠭᠡᠯᠪᠡᠷᠢ ᠶᠢᠨ ᠣᠯᠠᠨ | ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ | ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠨᠡᠩ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ ᠪᠤᠯᠭᠠᠵᠤ᠂ ᠡᠷᠲᠡᠨ ᠡᠳᠦᠭᠡᠬᠢ ᠶᠢ ᠠᠭᠤᠰᠬᠠᠵᠤ᠂ ᠳᠤᠮᠳᠠᠳᠤ | ᠭᠠᠳᠠᠭᠠᠳᠤ ᠶᠢ ᠨᠡᠪᠲᠡᠷᠡᠭᠦᠯᠦᠭᠰᠡᠨ ᠨᠢᠭᠡ ᠪᠦᠯᠦᠭ ᠰᠣᠶᠣᠯ ᠤᠨ ᠦᠷ᠎ᠡ ᠪᠦᠲᠦᠭᠡᠯ ᠢ ᠡᠭᠦᠳᠦᠨ ᠪᠦᠲᠦᠭᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠨᠠᠮ ᠤᠨ ᠲᠥᠪ ᠬᠤᠷᠢᠶ᠎ᠠ ᠶᠢᠨ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠰᠣᠶᠣᠯ ᠤᠨ ᠪᠠᠶᠢᠭᠤᠯᠤᠯᠲᠠ ᠶᠢ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠣᠬᠢᠶᠠᠨ ᠪᠠᠶᠢᠭᠤᠯᠵᠤ | ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠺᠠᠳ᠋ᠷ ᠢ ᠲᠣᠬᠢᠷᠠᠭᠤᠯᠬᠤ᠂ ᠴᠢᠳᠠᠪᠤᠷᠢᠲᠠᠨ ᠢ ᠬᠥᠮᠥᠵᠢᠭᠦᠯᠬᠦ᠂ ᠡᠬᠢ | ᠪᠠᠶᠠᠯᠢᠭ ᠤᠨ ᠣᠷᠣᠭᠤᠯᠤᠯᠳᠠ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠢᠳᠡᠪᠬᠢᠵᠢᠯ ᠰᠠᠨᠠᠭᠠᠴᠢᠯᠠᠭᠠᠲᠤ | ᠴᠢᠨᠠᠷ ᠪᠦᠲᠦᠭᠡᠯᠴᠢ ᠴᠢᠨᠠᠷ ᠢ ᠲᠠᠶᠢᠴᠢᠯᠠᠵᠤ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |