ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 1 ᠤ ᠴᠠᠭᠢᠯᠭᠠᠨ ᠮᠡᠳᠡᠭᠡ 11 ᠰᠠᠷ᠎ᠠ ᠶᠢᠨ 1 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠯᠦᠸᠠᠺᠢᠶᠠ ᠶᠢᠨ | ᠶᠡᠷᠦᠩᠬᠡᠢ ᠰᠠᠶᠢᠳ ᠹᠤᠶᠢᠽᠦ᠋ᠸᠧ ᠲᠠᠢ ᠠᠭᠤᠯᠵᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠰᠯᠦᠸᠠᠺᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠣᠯᠣᠨ᠎ᠠ᠃ ᠳᠦᠷᠪᠡᠨ ᠤ ᠭᠤᠷᠪᠠ ᠶᠢᠨ ᠡᠷᠡᠨ ᠵᠠᠭᠤᠨ ᠤ ᠬᠥᠭᠵᠢᠯᠲᠡ ᠪᠠᠷ ᠳᠠᠮᠵᠢᠨ᠂ ᠳᠤᠮᠳᠠᠳᠤ | ᠰᠯᠦᠸᠠᠺᠢᠶᠠ ᠶᠢᠨ ᠤᠯᠠᠮᠵᠢᠯᠠᠯᠲᠤ ᠨᠥᠬᠦᠷᠯᠡᠯ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠯ᠎ᠡ ᠬᠦᠷᠢᠶᠡᠨ ᠤ | ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ | ᠠᠰᠢᠭ ᠬᠦᠷᠲᠡᠭᠡᠪᠡ᠃ ᠪᠢᠳᠡ ᠳᠤᠮᠳᠠᠳᠤ ᠰᠯᠦᠸᠠᠺᠢᠶᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠲᠣᠭᠲᠠᠭᠰᠠᠨ ᠨᠢ ᠬᠤᠶᠠᠷ ᠤᠯᠤᠰ ᠤᠨ ᠢᠷᠡᠭᠡᠳᠦᠢ ᠶᠢᠨ | ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠢᠨ᠎ᠡ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠰᠯᠦᠸᠠᠺᠢᠶᠠ ᠶᠢᠨ ᠬᠢᠨ ᠲᠠᠢ ᠬᠠᠮᠲᠤ ᠪᠠᠷ | ᠴᠢᠷᠮᠠᠶᠢᠵᠤ᠂ ᠳᠤᠮᠳᠠᠳᠤ ᠰᠯᠦᠸᠠᠺᠢᠶᠠ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ᠨᠡᠩ ᠥᠨᠳᠥᠷ | ᠲᠦᠪᠰᠢᠨ ᠳᠤ ᠬᠦᠷᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ 4 ᠲᠠᠯ᠎ᠠ ᠪᠠᠷ ᠳᠤᠮᠳᠠᠳᠤ ᠰᠯᠦᠸᠠᠺᠢᠶᠠ ᠶᠢᠨ ᠬᠠᠷᠢᠯᠴᠠᠭ᠎ᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ ᠪᠣᠯᠣᠨ᠎ᠠ᠃ ᠨᠢᠭᠡ ᠳᠤ᠂ ᠤᠯᠤᠰ | ᠲᠥᠷᠥ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠭᠦᠨᠳᠦᠳᠭᠡᠵᠦ ᠬᠠᠷᠢᠯᠴᠠᠨ | ᠢᠲᠡᠭᠡᠯᠴᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ | ᠪᠠᠷᠢᠮᠲᠠᠯᠠᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠢ ᠬᠠᠷᠠᠭᠠᠯᠵᠠᠨ᠎ᠠ᠃ ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠶ᠎ᠡ᠃ | ᠰᠢᠨ᠎ᠡ ᠪᠠᠷ ᠪᠠᠶᠢᠭᠤᠯᠤᠭᠰᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠭᠢ ᠬᠠᠮᠲᠤᠷᠠᠯᠴᠠᠭᠠᠨ ᠤ | ᠵᠥᠪᠯᠡᠯ ᠢ ᠰᠠᠶᠢᠲᠤᠷ ᠠᠰᠢᠭᠯᠠᠵᠤ᠂ ᠰᠢᠨ᠎ᠡ ᠡᠨᠧᠷᠭᠢ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠵᠡᠷᠭᠡ | ᠬᠦᠷᠢᠶᠡᠨ ᠳᠤ ᠵᠣᠯᠭᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠪᠣᠳᠠᠲᠤ ᠬᠦᠴᠦᠨ ᠲᠠᠢ ᠳᠤᠮᠳᠠᠳᠤ | ᠤᠯᠤᠰ ᠤᠨ ᠠᠵᠤ ᠠᠬᠤᠶᠢᠯᠠᠯ ᠤᠨ ᠰᠯᠦᠸᠠᠺᠢᠶᠠ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠬᠤ ᠪᠥᠭᠡᠳ | ᠰᠯᠦᠸᠠᠺᠢᠶᠠ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ | ᠪᠠᠶᠠᠷᠯᠠᠨ ᠤᠭᠲᠤᠨ᠎ᠠ᠃ ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠤᠶ᠎ᠠ᠃ ᠲᠦᠷᠦ ᠶᠢᠨ | ᠨᠠᠮ᠂ ᠣᠷᠣᠨ ᠨᠤᠲᠤᠭ᠂ ᠵᠠᠯᠠᠭᠤᠴᠤᠳ᠂ ᠤᠶᠤᠨ ᠤ ᠬᠥᠮᠥᠷᠭᠡ᠂ ᠵᠠᠭᠤᠴᠢᠯᠠᠭᠤᠷ ᠤᠨ ᠣᠯᠣᠯᠴᠠᠭ᠎ᠠ ᠶᠠᠷᠢᠯᠴᠠᠭ᠎ᠠ | ᠥᠷᠨᠢᠭᠦᠯᠵᠦ᠂ ᠺᠦᠩᠽᠢ ᠳᠡᠭᠡᠳᠦ ᠰᠤᠷᠭᠠᠭᠤᠯᠢ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ᠳᠤᠮᠳᠠᠳᠤ | ᠰᠯᠦᠸᠠᠺᠢᠶᠠ ᠶᠢᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠨ᠎ᠡ᠃ ᠳᠤᠮᠳᠠᠳᠤ ᠤᠯᠤᠰ ᠰᠯᠦᠸᠠᠺᠢᠶᠠ ᠶᠢᠨ ᠢᠷᠭᠡᠨ ᠳᠤ 15 ᠡᠳᠦᠷ ᠤᠨ ᠳᠣᠲᠣᠷ᠎ᠠ ᠸᠢᠰᠠᠯᠠᠬᠤ | ᠦᠭᠡᠢ ᠪᠠᠷ ᠳᠤᠮᠳᠠᠳᠤ ᠤᠯᠤᠰ ᠲᠤ ᠣᠷᠣᠵᠤ ᠢᠷᠡᠬᠦ ᠬᠠᠷᠠᠭᠠᠯᠵᠠᠯ ᠦᠵᠡᠭᠦᠯᠭᠦ ᠪᠠᠷ ᠲᠣᠭᠲᠠᠪᠠ᠃ ᠳᠥᠷᠪᠡ ᠳᠤ᠂ | ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠬᠤᠪᠢᠷᠠᠯᠲᠠ ᠰᠠᠮᠠᠭᠤᠨ ᠰᠣᠯᠪᠢᠴᠠᠭᠰᠠᠨ ᠳᠡᠯᠡᠬᠡᠢ | ᠶᠢᠷᠲᠢᠨᠴᠦ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ | ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠭᠰᠡᠨ᠂ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ | ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠢᠷᠡᠬᠦ ᠵᠢᠯ ᠪᠣᠯ ᠳᠤᠮᠳᠠᠳᠤ ᠡᠸᠦ᠋ᠷᠦᠫᠡ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 50 ᠵᠢᠯ ᠤᠨ ᠤᠢ ᠪᠣᠯᠣᠨ᠎ᠠ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠪᠠᠶᠢᠪᠠᠰᠤ ᠵᠣᠬᠢᠬᠤ ᠪᠣᠯᠪᠠᠰᠤᠷᠠᠩᠭᠤᠢ ᠪᠠ | ᠲᠣᠭᠲᠠᠭᠤᠨ ᠪᠠᠶᠢᠳᠠᠯ ᠢᠶᠠᠨ ᠢᠯᠡᠷᠡᠭᠦᠯᠪᠡᠯ ᠵᠣᠬᠢᠨ᠎ᠠ᠃ ᠰᠢᠨ᠎ᠡ ᠨᠢᠭᠡ ᠬᠤᠭᠤᠴᠠᠭᠠᠨ ᠤ ᠡᠸᠦ᠋ᠷᠦᠫᠡ ᠲᠢᠪ ᠤᠨ | ᠤᠯᠤᠰ ᠤᠳ ᠤᠨ ᠬᠤᠯᠪᠣᠭᠠᠨ ᠤ ᠪᠠᠶᠢᠭᠤᠯᠤᠮᠵᠢ ᠳᠤᠮᠳᠠᠳᠤ ᠡᠸᠦ᠋ᠷᠦᠫᠡ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠤᠯᠤᠰ ᠲᠤ ᠢᠳᠡᠪᠬᠢᠲᠡᠢ᠂ ᠪᠣᠳᠠᠲᠠᠢ ᠶᠢ ᠡᠷᠬᠢᠮᠯᠡᠭᠰᠡᠨ ᠲᠦᠷᠦ ᠶᠢᠨ | ᠪᠣᠳᠣᠯᠭ᠎ᠠ ᠠᠪᠴᠤ᠂ ᠵᠥᠷᠢᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠵᠦ᠂ ᠠᠵᠤ ᠠᠬᠤᠢ ᠠᠷᠠᠯᠵᠢᠶᠠᠨ ᠤ | ᠠᠰᠠᠭᠤᠳᠠᠯ ᠢ ᠤᠯᠤᠰ ᠲᠥᠷᠥᠴᠢᠯᠡᠬᠦ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠹᠤᠶᠢᠽᠦ᠋ᠸᠧ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ | ᠪᠠᠶᠠᠷ ᠬᠦᠷᠭᠡᠵᠦ᠂ ᠰᠯᠦᠸᠠᠺᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯ ᠪᠦᠭᠦ | ᠳᠤᠮᠳᠠᠳᠤ ᠤᠯᠤᠰ ᠢ ᠲᠥᠯᠥᠭᠡᠯᠡᠬᠦ ᠴᠤᠷ ᠤᠨ ᠭᠠᠭᠴᠠ ᠬᠠᠤᠯᠢ ᠶᠣᠰᠣᠨ ᠤ ᠵᠠᠰᠠᠭ ᠤᠨ ᠣᠷᠳᠣᠨ ᠮᠥᠨ ᠭᠡᠵᠦ | ᠦᠵᠡᠪᠡ᠃ ᠰᠯᠦᠸᠠᠺᠢᠶᠠ ᠶᠢᠨ ᠬᠢᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠠᠯᠢᠪᠠ | ᠠᠵᠢᠯᠯᠠᠭ᠎ᠠ ᠶᠢ ᠡᠰᠡᠷᠭᠦᠴᠡᠵᠦ᠂ ᠡᠯ᠎ᠡ ᠤᠯᠤᠰ ᠤᠨ ᠬᠢᠨ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ | ᠵᠠᠮ ᠢ ᠬᠦᠨᠳᠦᠳᠬᠡᠬᠦ ᠶᠢ ᠵᠣᠷᠢᠵᠤ ᠪᠠᠶᠢᠨ᠎ᠠ᠃ ᠡᠨᠡ ᠤᠳᠠᠭ᠎ᠠ ᠪᠢ ᠰᠠᠶᠢᠳ ᠨᠠᠷ ᠤᠨ ᠵᠥᠪᠯᠡᠯ ᠤᠨ ᠤᠯᠠᠨ ᠴᠢᠬᠤᠯᠠ | ᠪᠦᠷᠢᠯᠳᠦᠭᠦᠨ ᠪᠣᠯᠣᠨ ᠠᠵᠤ ᠠᠬᠤᠶᠢᠯᠠᠯᠲᠠᠨ ᠢ ᠪᠠᠭᠲᠠᠭᠠᠭᠰᠠᠨ ᠮᠤᠨᠳᠠᠭ ᠶᠡᠭᠡ ᠲᠥᠯᠥᠭᠡᠯᠡᠭᠴᠢᠳ ᠤᠨ ᠪᠦᠯᠭᠦᠮ ᠢ | ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠨᠢ ᠰᠯᠦᠸᠠᠺᠢᠶᠠ ᠶᠢᠨ ᠬᠢᠨ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠢᠳᠡᠪᠬᠢᠲᠡᠢ ᠬᠦᠰᠡᠯ | ᠡᠷᠡᠮᠡᠯᠵᠡᠯ ᠢᠶᠠᠨ ᠢᠯᠡᠳᠬᠡᠬᠦ ᠶᠢᠨ ᠲᠥᠯᠥᠭᠡ ᠶᠤᠮ᠃ ᠳᠤᠮᠳᠠᠳᠤ ᠶᠢᠨ ᠲᠠᠯ᠎ᠠ ᠶᠢᠨ ᠰᠯᠦᠸᠠᠺᠢᠶᠠ ᠶᠢᠨ ᠠᠷᠠᠳ | ᠢᠷᠭᠡᠨ ᠳᠤ 15 ᠡᠳᠦᠷ ᠬᠢᠯᠢ ᠪᠠᠷ ᠣᠷᠣᠬᠤ ᠸᠢᠰᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠥᠭᠭᠦᠭᠰᠡᠨ ᠳᠤ | ᠲᠠᠯᠠᠷᠬᠠᠵᠤ ᠪᠠᠶᠢᠨ᠎ᠠ᠂ ᠰᠯᠦᠸᠠᠺᠢᠶᠠ ᠶᠢᠨ ᠬᠢᠨ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠳᠤ ᠲᠥᠭᠦᠮ | ᠦᠵᠡᠭᠦᠯᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠬᠦ ᠶᠢ ᠳᠡᠮᠵᠢᠵᠤ᠂ ᠨᠠᠩ ᠣᠯᠠᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠰᠯᠦᠸᠠᠺᠢᠶᠠ ᠳᠤ ᠬᠦᠷᠴᠦ ᠪᠡᠯᠡ ᠣᠷᠣᠭᠤᠯᠵᠤ᠂ ᠰᠢᠨ᠎ᠡ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠰᠯᠦᠸᠠᠺᠢᠶᠠ ᠶᠢᠨ ᠬᠢᠨ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ | ᠮᠠᠭᠲᠠᠨ ᠰᠠᠶᠢᠰᠢᠶᠠᠵᠤ᠂ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠢ ᠡᠰᠡᠷᠭᠦᠴᠡᠵᠦ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠤᠯᠠᠨ ᠲᠠᠯᠠᠲᠤ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ | ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠪᠤᠶᠠᠨ | ᠵᠢᠷᠭᠠᠯ ᠢ ᠠᠬᠢᠭᠤᠯᠤᠨ᠎ᠠ᠃ ᠰᠯᠦᠸᠠᠺᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ | ᠰᠣᠯᠢᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ | ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠬᠦ ᠪᠠᠷ ᠴᠢᠷᠮᠠᠶᠢᠬᠤ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃ | | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ | ᠫᠢᠩ ᠳᠤᠮᠳᠠᠳᠤ ᠤᠯᠤᠰ ᠤᠨ ᠢᠮᠠᠭᠲᠠ ᠶᠢᠨ ᠵᠠᠷᠴᠢᠮ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ | ᠰᠯᠦᠸᠠᠺᠢᠶᠠ ᠶᠢᠨ ᠬᠢᠨ ᠪᠤᠰᠤᠳᠴᠢ᠂ ᠣᠶᠤᠨᠴᠢ᠂ ᠲᠥᠪ ᠭᠤᠣᠯᠴᠢ ᠣᠪᠣᠷ ᠢ ᠪᠠᠷᠢᠮᠲᠠᠯᠠᠵᠤ ᠪᠠᠶᠢᠬᠤ ᠶᠢ ᠮᠠᠭᠲᠠᠨ | ᠰᠠᠶᠢᠰᠢᠶᠠᠵᠤ᠂ ᠰᠯᠦᠸᠠᠺᠢᠶᠠ ᠪᠣᠯᠣᠨ ᠨᠡᠩ ᠤᠯᠠᠨ ᠵᠣᠷᠢᠯᠲᠠ ᠨᠢᠭᠡᠲᠡᠢ ᠤᠯᠤᠰ ᠳᠤᠮᠳᠠᠳᠤ ᠤᠯᠤᠰ ᠲᠠᠢ ᠬᠠᠮᠲᠤ ᠪᠠᠷ | ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠪᠠᠶᠠᠷᠯᠠᠨ | ᠤᠭᠲᠤᠪᠠ᠃ ᠹᠤᠶᠢᠽᠦ᠋ᠸᠧ᠂ ᠦᠺᠷᠠᠶᠢᠨ ᠤ ᠬᠢᠮᠤᠷᠠᠯ ᠤᠨ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ | ᠵᠣᠭᠰᠣᠯᠲᠠ ᠪᠣᠯ ᠲᠥᠪ ᠭᠤᠣᠯᠴᠢ ᠪᠥᠭᠡᠳ ᠪᠤᠰᠤᠳᠴᠢ᠂ ᠪᠦᠲᠦᠭᠡᠯᠴᠢ ᠴᠢᠨᠠᠷᠲᠠᠢ ᠶᠤᠮ᠂ ᠰᠯᠦᠸᠠᠺᠢᠶᠠ ᠳᠤᠷᠠᠲᠠᠶ᠎ᠠ | ᠦᠺᠷᠠᠶᠢᠨ ᠤ ᠬᠢᠮᠤᠷᠠᠯ ᠤᠨ ︽ᠨᠠᠶᠢᠷᠠᠮᠳᠠᠯ ᠤᠨ ᠨᠠᠶᠢᠵᠠ︾ ᠶᠢᠨ ᠳᠤᠭᠤᠶᠢᠯᠠᠩ ᠳᠤ ᠣᠷᠣᠯᠴᠠᠵᠤ᠂ ᠳᠤᠮᠳᠠᠳᠤ | ᠤᠯᠤᠰ ᠲᠠᠢ ᠬᠠᠮᠲᠤ ᠪᠠᠷ ᠤᠯᠤᠰ ᠲᠥᠷᠥ ᠶᠢᠨ ᠠᠷᠭ᠎ᠠ ᠪᠠᠷ ᠬᠢᠮᠤᠷᠠᠯ ᠢ ᠰᠢᠢᠳᠪᠦᠷᠢᠯᠡᠬᠦ ᠳᠤ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠣᠯᠣᠨ ᠪᠦᠭᠦᠳᠡ ᠨᠠᠶᠢᠷᠠᠮᠳᠠᠬᠤ ᠰᠯᠦᠸᠠᠺᠢᠶᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |