︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠎ ᠶᠢᠨ ᠠᠷᠠᠪ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/12/27
    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 25᠎ ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠣᠯᠣᠨ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠠᠷᠠᠪ ᠬᠡᠯᠡᠨ ᠤ ᠬᠡᠪᠯᠡᠯ ᠢ ᠣᠶᠢᠷ᠎ᠠ ᠶᠢᠨ ᠡᠳᠦᠷ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃    ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠎ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠶᠢ ᠣᠷᠣᠭᠤᠯᠵᠠᠢ᠃ ᠲᠤᠰ ᠨᠣᠮ ᠤᠨ ᠠᠷᠠᠪ ᠬᠡᠯᠡᠨ ᠤ ᠬᠡᠪᠯᠡᠯ ᠪᠣᠯᠣᠨ ᠡᠮᠦᠨ᠎ᠡ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠵᠠᠮᠨᠠᠵᠤ᠂ ᠡᠩᠬᠡ ᠲᠠᠶᠢᠪᠤᠩ ᠬᠥᠭᠵᠢᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ᠂ ᠬᠠᠮᠲᠤ ᠳᠠᠭᠠᠨ ᠮᠠᠨᠳᠤᠨ ᠪᠠᠳᠠᠷᠠᠭᠰᠠᠨ ᠳᠡᠯᠡᠬᠡᠢ ᠶᠢᠨ ᠣᠳᠣᠬᠢᠴᠢᠯᠠᠯᠲᠠ ᠶᠢᠨ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号