ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠲᠥᠪ ᠤᠨ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ︵ᠳᠣᠷᠣᠭᠰᠢ ︽ᠬᠥᠲᠥᠯᠪᠦᠷᠢ︾ | ᠭᠡᠵᠦ ᠳᠥᠭᠦᠮᠴᠢᠯᠡᠨ᠎ᠡ︶ ᠭᠡᠬᠦ ᠨᠣᠮ ᠢ ᠰᠤᠷᠤᠯᠴᠠᠯᠭ᠎ᠠ ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ | ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ | ᠰᠠᠭᠤᠷᠢᠯᠠᠵᠤ᠂ ᠰᠣᠶᠣᠯ ᠤᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ ᠤᠯᠠᠨ ᠰᠢᠨ᠎ᠡ ᠦᠵᠡᠯ | ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠪᠦᠲᠦᠭᠡᠯᠴᠢ ᠴᠢᠨᠠᠷᠲᠠᠢ ᠳᠤᠷᠠᠳᠴᠤ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠰᠢᠨ᠎ᠡ | ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ | ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠡᠷᠬᠢᠨ | ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ ᠰᠡᠳᠦᠪ ᠲᠤ ᠰᠢᠰᠲ᠋ᠧᠮ ᠲᠠᠢ ᠬᠠᠷᠢᠭᠤᠯᠲᠠ ᠥᠭᠴᠦ᠂ ᠰᠢᠨ᠎ᠡ ᠴᠠᠭ | ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠪᠠᠶᠢᠷᠢ ᠰᠠᠭᠤᠷᠢ ᠦᠢᠯᠡᠳᠦᠯ᠂ ᠬᠠᠷᠠᠯᠲᠠ ᠡᠭᠦᠷᠭᠡ᠂ ᠴᠢᠭᠯᠡᠯᠲᠡ | ᠵᠠᠷᠴᠢᠮ᠂ ᠪᠠᠶᠢᠯᠳᠤᠬᠤ ᠪᠣᠳᠣᠯᠭ᠎ᠠ ᠶᠢᠨ ᠠᠷᠭ᠎ᠠ ᠵᠠᠮ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ | ᠦᠢᠯᠡᠳᠦᠯᠭᠡ ᠶᠢᠨ ᠲᠤᠷᠰᠢᠯᠭ᠎ᠠ ᠶᠢᠨ ᠣᠨᠣᠯ ᠤᠨ ᠳ᠋ᠦᠩᠨᠡᠯᠲᠡ ᠮᠥᠨ᠂ ︽ᠬᠤᠶᠠᠷ ᠢ ᠤᠶᠠᠯᠳᠤᠭᠤᠯᠬᠤ︾ ᠶᠢ | ᠪᠠᠷᠢᠮᠲᠠᠯᠠᠭᠰᠠᠨ᠂ ᠮᠠᠷᠺᠰ ᠤᠨ ᠦᠵᠡᠯ ᠤᠨ ᠰᠣᠶᠣᠯ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠰᠠᠨ | ᠴᠢᠬᠤᠯᠠ ᠶᠡᠭᠡ ᠦᠷ᠎ᠡ ᠪᠦᠲᠦᠭᠡᠯ ᠮᠥᠨ᠂ ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ | ᠤᠶᠠᠯᠳᠤᠭᠤᠯᠵᠤ᠂ ᠮᠥᠨ ᠴᠢᠨᠠᠷ ᠪᠠ ᠢᠯᠡᠷᠡᠯ ᠢ ᠨᠡᠪᠲᠡᠷᠡᠯᠴᠡᠭᠦᠯᠦᠭᠰᠡᠨ ᠰᠢᠨᠵᠢᠯᠡᠬᠦ ᠤᠬᠠᠭᠠᠨ ᠤ ᠰᠢᠰᠲ᠋ᠧᠮ ᠮᠥᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ᠂ ᠰᠣᠶᠣᠯ ᠤᠨ ᠴᠡᠴᠡᠭᠯᠡᠯ ᠢ | ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠦᠵᠡᠯ | ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨ ᠤ ᠠᠵᠢᠯᠯᠠᠭᠠᠨ ᠤ ᠵᠦᠭᠯᠡᠭᠦᠷ ᠬᠠᠩᠭᠠᠪᠠ᠃ | ︽ᠬᠥᠲᠥᠯᠪᠦᠷᠢ︾ ᠨᠢ 14 ᠪᠦᠯᠦᠭ᠂ 85 ᠵᠦᠢᠯ᠂ 6.8 ᠲᠦᠮᠡᠨ ᠦᠰᠦᠭ ᠲᠠᠢ᠃ ᠪᠦᠭᠦ ᠨᠣᠮ ᠳᠤ | ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ | ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠣᠶᠣᠯ ᠤᠨ ᠬᠦᠷᠢᠶᠡᠨ ᠳᠠᠬᠢ ᠤᠤᠭᠠᠯ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠭᠦ | ᠲᠠᠯ᠎ᠠ ᠪᠠᠷ ᠲᠤᠰᠬᠠᠪᠠ᠃ ︽ᠬᠥᠲᠥᠯᠪᠦᠷᠢ︾ ᠶᠢᠨ ᠥᠭᠦᠯᠡᠯᠲᠡ ᠭᠦᠨᠵᠡᠭᠡᠢ᠂ ᠪᠦᠲᠦᠴᠡ ᠨᠢᠭᠲᠠ ᠴᠢᠩᠭ᠎ᠠ᠂ ᠤᠭ | ᠪᠦᠲᠦᠭᠡᠯ ᠤᠭ ᠵᠣᠬᠢᠶᠠᠯ ᠳᠤ ᠦᠨᠡᠨᠴᠢ ᠰᠢᠳᠤᠷᠭᠤ᠂ ᠵᠣᠬᠢᠶᠠᠯ ᠤᠨ ᠰᠤᠷᠲᠠᠯ ᠠᠮᠢᠳᠤᠯᠢᠭ ᠪᠣᠷᠣᠭᠵᠢᠭᠤᠨ ᠪᠠᠶᠢᠵᠤ᠂ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠬᠤ ᠡᠷᠬᠡ ᠰᠦᠷᠲᠦ ᠬᠠᠪᠰᠤᠷᠤᠮᠵᠢ ᠤᠩᠰᠢᠬᠤ ᠪᠢᠴᠢᠭ ᠮᠥᠨ᠃ | ᠲᠥᠪ ᠤᠨ ᠤᠬᠠᠭᠤᠯᠬᠤ ᠬᠡᠯᠲᠡᠰ ᠮᠡᠳᠡᠭᠳᠡᠯ ᠪᠠᠭᠤᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ︽ᠬᠥᠲᠥᠯᠪᠦᠷᠢ︾ ᠶᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠲᠡᠷᠡ | ᠬᠡᠪ ᠢᠶᠠᠷ ᠨᠢ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ | ᠨᠡᠪᠳᠡᠷᠡᠳᠡᠯ᠎ᠠ ᠲᠤᠭᠤᠰᠢᠲᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠶᠢ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠩ | ᠤᠬᠠᠮᠰᠠᠷ ᠠᠴᠠ ᠪᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠪᠣᠳᠠᠲᠠᠢ ᠠᠰᠠᠭᠤᠳᠠᠯ ᠢ ᠵᠢᠯᠣᠭᠤᠳᠤᠨ | ᠰᠢᠢᠳᠪᠦᠷᠢᠯᠡᠵᠦ᠂ ᠰᠣᠶᠣᠯ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠰᠣᠶᠣᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠢᠷᠮᠠᠶᠢᠨ ᠲᠡᠮᠡᠴᠡᠬᠦ ᠬᠡᠷᠡᠭᠲᠡᠢ ᠭᠡᠵᠦ ᠱᠠᠭᠠᠷᠳᠠᠵᠠᠢ᠃ |