ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 10 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 12 ᠰᠠᠷ᠎ᠠ ᠶᠢᠨ 9 ᠤ ᠦᠳᠡ ᠶᠢᠨ | ᠬᠤᠶᠢᠨ᠎ᠠ ᠮᠠᠨ ᠤ ᠤᠯᠤᠰ ᠤᠨ ᠲᠡᠦᠬᠡᠨ ᠳᠡᠭᠡᠷᠡᠬᠢ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠠᠷᠪᠠᠨ ᠨᠠᠢᠮᠠᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠬᠢᠯᠢ ᠬᠢᠵᠠᠭᠠᠷ ᠢ ᠵᠠᠰᠠᠬᠤ | ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠨᠠᠮ ᠤᠨ | ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠬᠢᠯᠢ ᠬᠢᠵᠠᠭᠠᠷ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠬᠢᠯᠢ ᠬᠢᠵᠠᠭᠠᠷ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ | ᠬᠡᠯᠲᠡᠰ ᠤᠨ ᠭᠡᠰᠢᠭᠦᠨ᠂ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ | ᠭᠦᠸᠧ ᠴᠢᠶᠠᠩ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠲᠥᠷᠥ ᠶᠢ | ᠵᠠᠰᠠᠵᠤ ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ ︽ᠤᠯᠤᠰ ᠢ ᠵᠠᠰᠠᠬᠤ ᠳᠤ | ᠡᠷᠬᠡᠪᠰᠢ ᠬᠢᠯᠢ ᠬᠢᠵᠠᠭᠠᠷ ᠢ ᠵᠠᠰᠠᠬᠤ︾᠂ ︽ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ | ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ︾ ᠵᠡᠷᠭᠡ ᠠᠯᠢ ᠣᠯᠠᠨ ᠴᠢᠬᠤᠯᠠ ᠨᠤᠲᠠᠯᠠᠯᠲᠠ᠂ | ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠬᠢᠯᠢ ᠬᠢᠵᠠᠭᠠᠷ | ᠣᠷᠣᠨ ᠤ ᠪᠦᠭᠦ ᠤᠯᠤᠰ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠮᠣᠷᠳᠠᠬᠤ ᠶᠢ ᠠᠬᠢᠭᠤᠯᠵᠤ᠂ ᠬᠢᠯᠢ ᠬᠢᠵᠠᠭᠠᠷ ᠤᠨ ᠵᠠᠰᠠᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠬᠢᠯᠢ ᠬᠢᠵᠠᠭᠠᠷ ᠤᠨ ᠵᠠᠰᠠᠯᠲᠠ ᠶᠢᠨ ᠡᠯ᠎ᠡ | ᠲᠠᠯ᠎ᠠ ᠪᠦᠭᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠯᠢ | ᠬᠢᠵᠠᠭᠠᠷ ᠤᠨ ᠵᠠᠰᠠᠯᠲᠠ ᠶᠢ ᠡᠯ᠎ᠡ ᠲᠠᠯ᠎ᠠ ᠶᠢᠨ ᠠᠵᠢᠯ ᠦᠢᠯᠡᠰ ᠤᠨ ᠬᠥᠭᠵᠢᠯᠲᠡ ᠳᠤ ᠣᠷᠭᠠᠨᠢᠭ ᠢᠶᠠᠷ | ᠠᠭᠤᠰᠤᠯᠴᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠷᠢᠭᠲᠠᠢ ᠪᠠᠷ ᠡᠭᠦᠷᠭᠡᠯᠡᠨ᠂ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ | ᠪᠤᠶ ᠪᠤᠯᠭᠠᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠬᠤ ᠶᠢ | ᠢᠮᠠᠭᠲᠠ ᠲᠤᠭᠤᠰᠢᠯᠠᠭᠤᠯᠬᠤ ᠶᠢᠨ ᠬᠠᠮᠲᠤ ᠡᠯ᠎ᠡ ᠵᠦᠢᠯ ᠤᠨ ᠲᠥᠯᠦᠪᠵᠢᠭᠦᠯᠭᠡ᠂ ᠬᠠᠤᠯᠢ ᠲᠣᠭᠲᠠᠭᠠᠯ᠂ ᠲᠦᠷᠦ ᠶᠢᠨ | ᠪᠣᠳᠣᠯᠭ᠎ᠠ᠂ ᠲᠦᠷᠦᠯ ᠵᠦᠢᠯ ᠢ ᠪᠣᠳᠠᠲᠠᠢ ᠤᠬᠠᠭᠠᠯᠠᠨ ᠲᠥᠯᠥᠪᠯᠡᠬᠦ ᠪᠠ ᠬᠡᠷᠡᠭᠵᠢᠭᠦᠯᠬᠦ ᠳᠤᠮᠳᠠ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠢᠯᠢ ᠬᠢᠵᠠᠭᠠᠷ | ᠣᠷᠣᠨ ᠢ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠣᠷᠣᠭᠤᠯᠵᠤ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠳᠤ ᠣᠷᠣᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠢᠯᠢ ᠬᠢᠵᠠᠭᠠᠷ ᠣᠷᠣᠨ ᠤ ᠲᠣᠰ ᠪᠡᠶ᠎ᠡ ᠶᠢᠨ ᠨᠥᠬᠦᠴᠡᠯ | ᠪᠠ ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠳᠤᠮᠳᠠ ᠲᠣᠰ ᠪᠡᠶ᠎ᠡ ᠶᠢᠨ ᠴᠢᠨᠠᠷ | ᠰᠠᠶᠢᠲᠠᠢ ᠬᠥᠭᠵᠢᠯᠲᠡ ᠪᠠᠨ ᠪᠡᠶᠡᠯᠡᠭᠦᠯᠬᠦ ᠶᠢ ᠳᠡᠮᠵᠢᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ | ᠬᠦᠴᠦᠨ ᠢ ᠨᠡᠮᠡᠭᠳᠡᠭᠦᠯᠬᠦ᠂ ᠠᠮᠢᠵᠢᠷᠠᠯ ᠤᠨ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠬᠢᠯᠢ ᠬᠢᠵᠠᠭᠠᠷ ᠣᠷᠣᠨ ᠤ ᠳᠠᠯᠠᠢ | ᠳᠠᠭᠠᠤ᠂ ᠬᠢᠯᠢ ᠳᠠᠭᠠᠤ ᠪᠠᠶᠢᠷᠢᠯᠠᠵᠤ ᠪᠠᠶᠢᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠣᠯᠠᠨ ᠶᠠᠩᠵᠤ ᠭᠡᠯᠪᠡᠷᠢ ᠶᠢᠨ | ᠨᠡᠭᠡᠭᠡᠯᠲᠡ ᠶᠢᠨ ᠥᠨᠳᠦᠷᠯᠢᠭ ᠢ ᠴᠣᠭᠴᠠᠯᠠᠵᠤ᠂ ᠡᠬᠡ ᠬᠠᠭᠤᠷᠠᠢ ᠳᠠᠯᠠᠢ ᠲᠠᠩᠭᠢᠰ ᠳᠣᠲᠣᠭᠠᠳᠤ ᠭᠠᠳᠠᠭᠠᠳᠤ | ᠬᠤᠯᠪᠤᠭᠠᠯᠠᠨ ᠬᠥᠳᠡᠯᠦᠯᠴᠡᠭᠰᠡᠨ᠂ ᠵᠡᠭᠦᠨ ᠪᠠᠷᠠᠭᠤᠨ ᠣᠷᠣᠨ ᠬᠤᠣᠰ ᠴᠢᠭᠯᠡᠯ ᠢᠶᠠᠷ ᠬᠠᠷᠢᠯᠴᠠᠨ ᠬᠠᠪᠰᠤᠷᠤᠯᠴᠠᠭᠰᠠᠨ | ᠪᠦᠭᠦ ᠲᠠᠯ᠎ᠠ ᠶᠢᠨ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠢᠯᠢ ᠬᠢᠵᠠᠭᠠᠷ | ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠪᠠᠷ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠵᠢᠯ ᠤᠨ ᠭᠤᠣᠯ ᠰᠢᠵᠢᠮ ᠪᠤᠯᠭᠠᠬᠤ ᠶᠢ | ᠪᠠᠷᠢᠮᠲᠠᠯᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ | ᠦᠢᠯᠡᠳᠦᠯᠭᠡᠵᠢᠭᠦᠯᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠤᠭᠤᠳᠴᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ | ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ | ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠰᠢᠭᠢᠳᠬᠡᠬᠦ | ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠤ | ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠬᠢᠯᠢ | ᠬᠢᠵᠠᠭᠠᠷ ᠤᠨ ᠵᠠᠰᠠᠯᠲᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ | ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠬᠢᠯᠢ ᠬᠢᠵᠠᠭᠠᠷ | ᠣᠷᠣᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠦᠴᠦᠨ ᠣᠯᠭᠤᠬᠤ ᠶᠢ ᠴᠢᠩᠭᠠᠳᠬᠠᠵᠤ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ | ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠢᠯᠢ ᠬᠢᠵᠠᠭᠠᠷ ᠤᠨ ᠵᠠᠰᠠᠯᠲᠠ ᠶᠢ ᠠᠬᠢᠭᠤᠯᠬᠤ ᠳᠤ ᠤᠨᠤᠯ ᠤᠨ ᠲᠤᠯᠭᠠᠭᠤᠷᠢᠯᠠᠯ ᠢ | ᠴᠢᠩᠭᠠᠳᠬᠠᠬᠤ ᠴᠢᠬᠤᠯᠠᠲᠠᠢ᠃ ᠬᠢᠯᠢ ᠬᠢᠵᠠᠭᠠᠷ ᠤᠨ ᠲᠡᠦᠬᠡ ᠪᠠ ᠬᠢᠯᠢ ᠬᠢᠵᠠᠭᠠᠷ ᠤᠨ ᠵᠠᠰᠠᠯᠲᠠ ᠲᠠᠢ ᠬᠤᠯᠪᠣᠭᠳᠠᠬᠤ | ᠤᠯᠠᠨ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠭᠰᠠᠨ ᠬᠢᠯᠢ | ᠬᠢᠵᠠᠭᠠᠷ ᠤᠨ ᠰᠤᠳᠤᠯᠭᠠᠨ ᠤ ᠮᠡᠳᠡᠯᠭᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠢᠯᠢ | ᠬᠢᠵᠠᠭᠠᠷ ᠤᠨ ᠵᠠᠰᠠᠯᠲᠠ ᠶᠢᠨ ᠴᠢᠬᠤᠯᠠ ᠶᠡᠭᠡ ᠣᠨᠣᠯ ᠪᠠ ᠪᠣᠳᠠᠲᠤ ᠠᠰᠠᠭᠤᠳᠠᠯ ᠤᠨ ᠰᠤᠳᠤᠯᠭᠠᠨ ᠢ | ᠭᠦᠨᠵᠡᠭᠡᠶᠢᠷᠡᠭᠦᠯᠵᠦ᠂ ᠨᠥᠯᠥᠭᠡᠯᠡᠬᠦ ᠬᠦᠴᠦᠨ ᠲᠠᠢ᠂ ᠢᠲᠡᠭᠡᠭᠦᠯᠬᠦ ᠬᠦᠴᠦᠨ ᠲᠠᠢ ᠰᠤᠳᠤᠯᠭᠠᠨ ᠤ ᠦᠷ᠎ᠡ ᠪᠦᠲᠦᠭᠡᠯ ᠢ | ᠨᠠᠩ ᠣᠯᠠᠨ ᠡᠭᠦᠳᠬᠦ ᠬᠡᠷᠡᠭᠲᠡᠢ᠃ ᠬᠢᠯᠢ ᠬᠢᠵᠠᠭᠠᠷ ᠤᠨ ᠰᠤᠳᠤᠯᠭᠠᠨ ᠤ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠢᠯᠢ ᠬᠢᠵᠠᠭᠠᠷ ᠤᠨ ᠵᠠᠰᠠᠯᠲᠠ ᠶᠢᠨ ᠦᠯᠢᠭᠡᠷ ᠢ ᠰᠠᠶᠢᠲᠤᠷ ᠶᠠᠷᠢᠬᠤ | ᠬᠡᠷᠡᠭᠲᠡᠢ᠃ ᠤᠯᠤᠰ ᠲᠥᠷᠥ ᠶᠢᠨ ᠵᠣᠭᠰᠣᠯᠲᠠ ᠪᠠᠲᠤ᠂ ᠣᠨᠣᠯ ᠤᠨ ᠪᠣᠯᠪᠠᠰᠤᠷᠠᠯ ᠪᠠ ᠶᠡᠷᠦᠩᠬᠡᠶᠢᠯᠡᠭᠰᠡᠨ ᠬᠡᠪ | ᠪᠣᠯᠪᠠᠰᠤᠷᠠᠯ ᠢᠶᠠᠷ ᠴᠢᠩᠭ᠎ᠠ ᠬᠢᠯᠢ ᠬᠢᠵᠠᠭᠠᠷ ᠤᠨ ᠵᠠᠰᠠᠯᠲᠠ ᠶᠢᠨ ᠰᠤᠳᠤᠯᠭᠠᠨ ᠤ ᠡᠩᠨᠡᠭᠡ ᠶᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ |