ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 22 ᠤᠨ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠵᠥᠪᠰᠢᠶᠡᠷᠡᠯ ᠢᠶᠠᠷ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠨᠠᠶᠢᠷᠠᠭᠤᠯᠤᠨ ᠪᠢᠴᠢᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ︾ ᠶᠢᠨ | ᠭᠤᠷᠪᠠᠳᠤᠭᠠᠷ ᠪᠣᠳᠢ ᠶᠢᠨ ᠳᠡᠭᠡᠳᠦ ᠳᠡᠪᠲᠡᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ | ᠬᠡᠪᠯᠡᠯ ᠤᠨ ᠬᠤᠷᠢᠶ᠎ᠠ ᠠᠴᠠ ᠵᠢᠩᠬᠢᠨᠢ ᠪᠠᠷ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ | ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ︾ ᠶᠢᠨ ᠭᠤᠷᠪᠠᠳᠤᠭᠠᠷ ᠪᠣᠳᠢ ᠶᠢ ᠨᠠᠶᠢᠷᠠᠭᠤᠯᠤᠨ | ᠪᠢᠴᠢᠭᠰᠡᠨ ᠶᠠᠪᠤᠳᠠᠯ ᠪᠣᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ︾ ᠶᠢᠨ ᠨᠢᠭᠡᠳᠦᠭᠡᠷ ᠪᠣᠳᠢ᠂ | ᠬᠤᠶᠠᠳᠤᠭᠠᠷ ᠪᠣᠳᠢ ᠶᠢᠨ ᠲᠠᠷᠠᠭ᠎ᠠ᠂ ᠨᠠᠮ ᠤᠨ ᠲᠥᠪ ᠬᠤᠷᠢᠶ᠎ᠠ ᠠᠴᠠ ᠲᠥᠪ ᠤᠨ ᠨᠠᠮ ᠤᠨ ᠲᠡᠦᠬᠡ ᠪᠠ ᠲᠤᠯᠭᠤᠷ | ᠪᠢᠴᠢᠭ ᠰᠤᠳᠤᠯᠬᠤ ᠬᠦᠷᠢᠶᠡᠯᠡᠩ ᠳᠤ ᠲᠤᠰᠢᠶᠠᠭᠰᠠᠨ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠪᠢᠰᠬᠠᠯᠲᠤ ᠭᠡᠷ ᠤᠨ ᠴᠠᠳᠢᠭ ᠢ ᠦᠷᠭᠦᠯᠵᠢᠯᠡᠨ ᠪᠢᠴᠢᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ ᠪᠣᠳᠠᠲᠠᠢ ᠵᠢᠭᠠᠨ ᠵᠢᠯᠤᠭᠤᠳᠴᠤ᠂ | ᠨᠠᠶᠢᠷᠠᠭᠤᠯᠤᠨ ᠪᠢᠴᠢᠬᠦ ᠠᠵᠢᠯ ᠳᠤ ᠵᠥᠪ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ︾ ᠶᠢᠨ ᠭᠤᠷᠪᠠᠳᠤᠭᠠᠷ ᠪᠣᠳᠢ ᠶᠢᠨ ᠳᠡᠭᠡᠳᠦ | ᠳᠡᠪᠲᠡᠷ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ 1978 ᠣᠨ ᠤ 12 ᠰᠠᠷ᠎ᠠ ᠶᠢᠨ ᠨᠠᠮ ᠤᠨ ᠠᠷᠪᠠᠨ | ᠨᠢᠭᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ 1989 ᠣᠨ ᠤ 6 | ᠰᠠᠷ᠎ᠠ ᠶᠢᠨ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠭᠦᠳᠡ | ᠬᠤᠷᠠᠯ ᠬᠦᠷᠲᠡᠯᠡᠬᠢ ᠲᠡᠦᠬᠡ ᠶᠢ ᠲᠡᠮᠳᠡᠭᠯᠡᠭᠰᠡᠨ ᠪᠠᠶᠢᠨ᠎ᠠ᠂ ᠪᠠᠷᠤᠭ 42 ᠲᠦᠮᠡᠨ ᠦᠰᠦᠭ᠂ 36 ᠬᠤᠪᠢ ᠭᠡᠷᠡᠯ | ᠵᠢᠷᠤᠭ ᠢ ᠣᠷᠣᠭᠤᠯᠵᠤ᠂ ᠭᠤᠣᠯᠳᠠᠭᠤ ᠳ᠋ᠧᠩ ᠰᠢᠶᠣᠣ ᠫᠢᠩ ᠨᠥᠬᠦᠷ ᠢᠶᠠᠷ ᠭᠤᠣᠯ ᠲᠥᠯᠥᠭᠡᠯᠡᠭᠴᠢ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠲᠤᠴᠤᠳ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠲᠡᠦᠬᠡᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠶᠠᠭᠤ ᠶᠢ ᠨᠡᠶᠢᠭᠡᠮ ᠵᠢᠷᠤᠮ ᠭᠡᠬᠦ ᠪᠤᠢ᠂ ᠨᠡᠶᠢᠭᠡᠮ ᠵᠢᠷᠤᠮ ᠢ ᠬᠡᠷᠬᠢᠨ | ᠪᠦᠲᠦᠭᠡᠨ ᠪᠠᠶᠢᠭᠤᠯᠬᠤ ᠪᠤᠢ ᠭᠡᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠤᠮᠳᠠᠳᠤ ᠤᠯᠤᠰ ᠤᠨ | ᠤᠯᠤᠰ ᠤᠨ ᠪᠠᠶᠢᠳᠠᠯ ᠳᠠᠭᠠᠨ ᠰᠠᠭᠤᠷᠢᠯᠠᠵᠤ᠂ ᠳᠡᠯᠡᠬᠡᠢ ᠶᠢᠨ ᠨᠡᠶᠢᠭᠡᠮ ᠵᠢᠷᠤᠮ ᠤᠨ ᠬᠥᠭᠵᠢᠯᠲᠡ ᠶᠢᠨ ᠲᠤᠷᠰᠢᠯᠭ᠎ᠠ | ᠰᠤᠷᠭᠠᠮᠵᠢ ᠪᠠᠷ ᠲᠣᠯᠢ ᠪᠤᠯᠭᠠᠵᠤ᠂ ᠳ᠋ᠧᠩ ᠰᠢᠶᠣᠣ ᠫᠢᠩ ᠤᠨ ᠣᠨᠣᠯ ᠢ ᠡᠭᠦᠳᠴᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠲᠡᠦᠬᠡᠨ ᠠᠬᠢᠴᠠ ᠶᠢ ᠠᠮᠵᠢᠯᠲᠠ ᠲᠠᠢ ᠡᠭᠦᠳᠦᠨ ᠨᠡᠭᠡᠭᠡᠭᠰᠡᠨ ᠢ | ᠭᠤᠣᠯᠳᠠᠯᠭ᠎ᠠ ᠲᠠᠢ ᠳᠡᠯᠭᠡᠨ ᠦᠵᠡᠭᠦᠯᠪᠡ᠃ | ᠲᠤᠰ ᠨᠣᠮ ᠢ ᠨᠠᠶᠢᠷᠠᠭᠤᠯᠤᠨ ᠪᠢᠴᠢᠬᠦ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠣᠣ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠭᠤᠷᠪᠠᠨ ᠲᠡᠦᠬᠡᠨ ᠰᠢᠢᠳᠪᠦᠷᠢ ᠢᠯᠠᠩᠭᠤᠶ᠎ᠠ ︽ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠲᠠ ᠪᠦᠲᠦᠮᠵᠢ ᠪᠣᠯᠣᠨ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢ︾ ᠶᠢ ᠴᠢᠩᠭ᠎ᠠ ᠵᠢᠷᠤᠮᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠵᠢᠴᠢ | ᠨᠠᠮ ᠤᠨ ᠲᠡᠦᠬᠡ ᠪᠣᠯᠣᠨ ᠲᠤᠯᠭᠤᠷ ᠪᠢᠴᠢᠭ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ | ᠪᠣᠳᠠᠰᠴᠢ ᠦᠵᠡᠯ ᠪᠠ ᠨᠠᠮ ᠤᠨ ᠲᠡᠦᠬᠡ ᠶᠢᠨ ᠵᠥᠪ ᠦᠵᠡᠯᠲᠡ ᠶᠢ ᠪᠠᠷᠢᠮᠲᠠᠯᠠᠵᠤ᠂ ᠨᠠᠮ ᠤᠨ ᠲᠡᠦᠬᠡ ᠶᠢᠨ | ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ᠂ ᠭᠤᠣᠯ ᠤᠷᠤᠰᠬᠠᠯ ᠤᠨ ᠮᠥᠨ ᠴᠢᠨᠠᠷ ᠢ ᠣᠨᠣᠪᠴᠢᠲᠠᠶ | ᠡᠵᠡᠮᠳᠡᠵᠦ᠂ ᠨᠠᠮ ᠤᠨ ᠲᠡᠦᠬᠡ ᠪᠠ ᠨᠠᠮ ᠤᠨ ᠤᠨᠤᠯ ᠤᠨ ᠰᠤᠳᠤᠯᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠢ | ᠭᠦᠢᠴᠡᠳ ᠰᠢᠩᠭᠡᠬᠡᠨ ᠠᠪᠴᠤ᠂ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠡᠷᠳᠡᠮ ᠰᠢᠨᠵᠢᠯᠡᠭᠡᠨ ᠤ | ᠴᠢᠨᠠᠷ᠂ ᠠᠮᠢᠳᠤᠯᠢᠭ ᠴᠢᠨᠠᠷ ᠢ ᠨᠢᠭᠡ ᠴᠣᠭᠴᠠᠵᠢᠭᠤᠯᠬᠤ ᠪᠠᠷ ᠴᠢᠷᠮᠠᠶᠢᠪᠠ᠃ ᠲᠤᠰ ᠨᠣᠮ ᠢ ᠬᠡᠪᠯᠡᠨ ᠲᠠᠷᠬᠠᠭᠠᠭᠰᠠᠨ ᠨᠢ | ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠴᠠᠭ ᠦᠶ᠎ᠡ ᠶᠢᠨ ᠨᠠᠮ ᠤᠨ ᠲᠡᠦᠬᠡ ᠶᠢ ᠵᠥᠪ ᠲᠠᠨᠢᠬᠤ ᠳᠤ ᠡᠷᠬᠡ ᠰᠦᠷᠲᠦ ᠡᠬᠡ ᠳᠡᠪᠲᠡᠷ ᠬᠠᠩᠭᠠᠵᠤ᠂ ︽ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭ᠎ᠠ ᠪᠦᠲᠦᠮᠵᠢᠲᠡᠢ | ᠪᠤᠯᠭᠠᠬᠤ ᠶᠢ ᠠᠬᠢᠭᠤᠯᠬᠤ ᠳᠤ ᠰᠢᠨ᠎ᠡ ᠰᠠᠭᠤᠷᠢ ᠵᠢᠭᠠᠬᠤ ᠮᠠᠲ᠋ᠧᠷᠢᠶᠠᠯ ᠬᠠᠩᠭᠠᠵᠤ᠂ ᠪᠦᠭᠦ ᠨᠠᠮ ᠪᠦᠭᠦ | ᠨᠡᠶᠢᠭᠡᠮ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠲᠡᠮᠡᠴᠡᠯ ᠤᠨ | ᠵᠣᠷᠢᠭ ᠢᠶᠠᠨ ᠬᠥᠪᠴᠢᠯᠡᠬᠦ᠂ ᠤᠶᠤᠨ ᠤᠬᠠᠭᠠᠨ ᠢᠶᠠᠨ ᠰᠡᠩᠬᠡᠷᠡᠭᠦᠯᠬᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |