ᠠᠯᠢᠪᠠ ᠪᠦᠬᠦᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠭᠵᠢᠯ ᠪᠠᠳᠠᠷᠠᠯ ᠰᠢᠨ᠎ᠡ ᠬᠠᠭᠤᠳᠠᠰᠤ ᠶᠢ ᠪᠢᠴᠢᠭᠯᠡᠨ᠎ᠡ᠃ | 12 ᠰᠠᠷ᠎ᠠ ᠶᠢᠨ 28 ᠤ ᠡᠳᠦᠷ ᠤᠯᠠᠭᠠᠨᠴᠠᠪ ᠰᠤᠮᠤ ᠰᠢᠨ᠎ᠡ ᠵᠢᠯ ᠢ ᠤᠭᠲᠤᠬᠤ ᠴᠠᠶᠢᠯᠠᠯᠭ᠎ᠠ ᠡᠷᠭᠢᠯᠡᠪᠡ᠃ | ᠣᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ | ᠬᠥᠭᠵᠢᠯᠲᠡ ᠶᠢ ᠬᠠᠮᠲᠤ ᠪᠠᠷ ᠶᠠᠷᠢᠯᠴᠠᠪᠠ᠃ ᠠᠭᠤᠷ ᠠᠮᠢᠰᠬᠤᠯ ᠢ ᠬᠥᠭᠵᠢᠶᠡᠨᠲᠡᠶ ᠪᠣᠯᠭᠠᠬᠤ ᠶᠢᠨ ᠲᠥᠯᠥᠭᠡ᠂ | ᠴᠠᠶᠢᠯᠠᠯᠭ᠎ᠠ ᠳᠡᠭᠡᠷ᠎ᠡ ᠤᠷᠠᠨ ᠰᠠᠢᠬᠠᠨ ᠤ ᠬᠥᠳᠡᠯᠭᠡᠭᠡᠨ ᠤ ᠭᠤᠭᠴᠤᠭ᠎ᠠ ᠲᠣᠬᠢᠷᠠᠭᠤᠯᠵᠠᠢ᠃ ︽ᠵᠡᠭᠦᠨᠰᠢ ᠪᠠᠷᠠᠭᠤᠨᠰᠢ | ᠬᠠᠨᠳᠤᠬᠤ︾᠂ ︽ᠭᠠᠭᠴᠠ ᠨᠢᠳᠦᠲᠦ ᠯᠣᠩᠬᠤᠨ ᠤ ᠠᠮᠠᠰᠠᠷ︾᠂ ︽ᠬᠤᠶᠠᠷ ᠬᠥᠮᠦᠨ ᠤ ᠳᠡᠭᠡᠷ᠎ᠡ ᠬᠡᠢ ᠪᠥᠮᠪᠦᠭᠡ | ᠲᠤᠯᠬᠤ︾ ᠭᠤᠷᠪᠠᠨ ᠵᠦᠢᠯ ᠤᠨ ᠬᠠᠮᠲᠤ ᠶᠢᠨ ᠤᠷᠤᠯᠳᠤᠭᠠᠨ ᠵᠢᠴᠢ ︽ᠭᠠᠷ ᠤᠨ ᠠᠮᠠ ᠠᠳᠠᠯᠢ ᠦᠭᠡᠢ︾᠂ ︽ | ᠲᠤᠭ᠎ᠠ ᠪᠤᠯᠢᠶᠠᠬᠤ︾ ᠬᠤᠶᠠᠷ ᠵᠦᠢᠯ ᠤᠨ ᠬᠤᠪᠢ ᠬᠥᠮᠦᠨ ᠤ ᠤᠷᠤᠯᠳᠤᠭᠠᠨ ᠢ ᠲᠣᠬᠢᠷᠠᠭᠤᠯᠪᠠ᠃ ᠺᠠᠳ᠋ᠷ ᠠᠵᠢᠯᠲᠠᠳ | ᠡᠷᠡᠯᠬᠡᠭᠯᠡᠨ ᠲᠡᠮᠡᠴᠡᠵᠦ᠂ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠬᠦᠷ ᠬᠥᠭᠵᠢᠶᠡᠨ ᠢᠶᠠᠷ ᠪᠢᠯᠬᠠᠵᠤ᠂ | ᠤᠷᠤᠯᠳᠤᠭᠠᠨ ᠨᠢ ᠬᠡᠪ ᠨᠠᠮᠪᠠ ᠲᠠᠢ ᠪᠤᠯᠵᠦ᠂ ᠤᠷᠤᠯᠳᠤᠭᠠᠨ ᠨᠢ ᠨᠥᠬᠦᠷᠯᠡᠯ ᠲᠠᠢ ᠪᠣᠯᠵᠠᠢ᠃ | | | | | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠷᠳᠡᠨᠢᠪᠠᠭᠠᠲᠤᠷ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳᠡᠭᠦᠯᠢᠨ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠶ᠋ᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ | ᠰᠦᠬᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠮᠠ ᠬᠤᠩ ᠰᠢᠶᠠ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠪᠠᠶ ᠶᠠ ᠫᠢᠩ ᠵᠡᠷᠭᠡ ᠤᠳᠤᠷᠢᠳᠤᠯᠭ᠎ᠠ | ᠤᠷᠢᠯᠭ᠎ᠠ ᠪᠠᠷ ᠴᠠᠶᠢᠯᠠᠯᠭ᠎ᠠ ᠳᠤ ᠣᠷᠣᠯᠴᠠᠪᠠ᠃ ᠴᠠᠶᠢᠯᠠᠯᠭ᠎ᠠ ᠡᠬᠢᠯᠡᠮᠡᠭᠴᠡ᠂ ᠰᠤᠮᠤ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠰᠤᠮᠤᠨ ᠳᠠᠷᠤᠭ᠎ᠠ ᠠᠯᠲᠠᠨᠳᠤᠯᠭᠠ ᠰᠢᠨ᠎ᠡ ᠵᠢᠯ ᠤᠨ ᠪᠠᠶᠠᠷ ᠤᠨ ᠦᠭᠡ ᠬᠡᠯᠡᠪᠡ᠃ | ᠪᠦᠬᠦ᠋ᠢᠯᠡ ᠴᠠᠶᠢᠯᠠᠯᠭ᠎ᠠ ᠨᠢ ᠪᠠᠶᠠᠷ ᠬᠦᠷ ᠢᠶᠠᠷ ᠪᠢᠯᠬᠠᠵᠤ᠂ ᠪᠠᠶᠠᠷ ᠪᠠᠶᠠᠰᠬᠤᠯᠠᠩ ᠢᠶᠠᠷ ᠪᠢᠯᠬᠠᠵᠤ᠂ ᠣᠷᠭᠢᠯᠤᠮ᠎ᠠ | ᠰᠡᠳᠬᠢᠯᠭᠡ ᠪᠠᠷ ᠪᠢᠯᠬᠠᠵᠤ᠂ ᠪᠦᠬᠦ ᠰᠤᠮᠤᠨ ᠤ ᠺᠠᠳ᠋ᠷᠴᠤᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠢᠳᠡᠪᠬᠢᠲᠡᠢ ᠪᠠᠷ ᠥᠭᠡᠳᠡᠯᠡᠨ ᠲᠠᠪᠰᠢᠵᠤ᠂ ᠴᠢᠩ ᠦᠨᠡᠨᠴᠢ ᠪᠠᠷ ᠪᠦᠯᠬᠦᠮᠳᠡᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ | ᠢᠯᠡᠷᠡᠭᠦᠯᠪᠡ᠃ ᠰᠢᠨ᠎ᠡ ᠨᠢᠭᠡ ᠵᠢᠯ ᠳᠤ᠂ ᠤᠯᠠᠭᠠᠨᠴᠠᠪ ᠰᠤᠮᠤ ᠬᠠᠮᠤᠭ ᠤᠨ ᠣᠷᠭᠢᠯᠤᠮ᠎ᠠ ᠬᠠᠯᠠᠭᠤᠨ ᠰᠡᠳᠬᠢᠯᠭᠡ᠂ | ᠬᠠᠮᠤᠭ ᠤᠨ ᠬᠠᠩᠭᠢᠨᠠᠮ᠎ᠠ ᠤᠷᠢᠶ᠎ᠠ᠂ ᠬᠠᠮᠤᠭ ᠤᠨ ᠡᠷᠡᠰ ᠪᠠᠲᠤ ᠠᠯᠬᠤᠭ᠎ᠠ ᠪᠠᠷ 2025 ᠶᠢ ᠤᠭᠲᠤᠬᠤ ᠪᠣᠯᠤᠨ᠎ᠠ︕ | | |