ᠰᠢᠩ ᠶᠣᠣ ᠪᠠᠯᠭᠠᠰᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/12/30
    ᠡᠯ᠎ᠡ ᠵᠦᠶ᠋ᠯ ᠤᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠭᠤᠤᠯᠳᠠᠯᠭ᠎ᠠ ᠲᠠᠢ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠃ 12 ᠰᠠᠷ᠎ᠠ ᠶᠢᠨ 26 ᠤ ᠡᠳᠦᠷ᠂ ᠰᠢᠩ ᠶᠣᠣ ᠪᠠᠯᠭᠠᠰᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠯᠪᠠᠨ ᠭᠡᠷ ᠤᠨ ᠡᠷᠬᠢᠯᠡᠭᠴᠢ᠂ ᠡᠯ᠎ᠡ ᠲᠣᠰᠬᠤᠨ ᠤ ᠱᠦᠵᠢ ᠵᠢᠴᠢ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠨᠢᠭᠡ ᠳᠤ᠂ ᠡᠯ᠎ᠡ ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠬᠤ ᠠᠵᠢᠯ ᠢ ᠣᠳᠣᠬᠠᠨ ᠤ ᠭᠤᠣᠯᠳᠠᠯᠭ᠎ᠠ ᠪᠣᠯᠭᠠᠵᠤ ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠡᠰᠡᠭ ᠪᠦᠯᠦᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢ ᠪᠠᠬᠢᠵᠢᠭᠦᠯᠬᠦ ᠶᠢ ᠴᠢᠩᠭ᠎ᠠ ᠠᠩᠬᠠᠷᠴᠤ᠂ ᠬᠢᠨᠠᠨ ᠰᠢᠯᠭᠠᠬᠤ ᠨᠠᠷᠢᠨ ᠲᠦᠷᠢᠮ ᠢ ᠴᠢᠩᠭ᠎ᠠ ᠵᠢᠷᠤᠮᠯᠠᠨ ᠠᠯᠳᠠᠭ᠎ᠠ ᠪᠤᠷᠤᠭᠤ ᠪᠠᠨ ᠤᠯᠠᠮ ᠴᠢᠨᠠᠭᠰᠢᠳᠠ ᠪᠠᠶᠢᠴᠠᠭᠠᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠰᠤᠷᠪᠤᠯᠵᠢᠯᠠᠨ ᠶᠠᠷᠢᠯᠴᠠᠬᠤ ᠬᠥᠲᠥᠯᠪᠦᠷᠢ ᠶᠢ ᠨᠠᠷᠢᠯᠢᠬᠵᠢᠭᠤᠯᠵᠤ᠂ ᠦᠵᠡᠯ ᠰᠠᠨᠠᠭ᠎ᠠ ᠪᠠᠨ ᠴᠢᠬᠤᠯᠠᠴᠢᠯᠠᠬᠤ᠂ ᠠᠵᠢᠯᠯᠠᠭ᠎ᠠ ᠪᠠᠨ ᠲᠦᠷᠭᠡᠳᠬᠡᠬᠦ᠂ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠠᠵᠢᠯ ᠢᠶᠠᠨ ᠯᠠᠪᠳᠠᠭᠤᠨ ᠪᠠᠲᠤᠲᠠᠢ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠵᠢᠯ ᠤᠨ ᠡᠴᠦᠰ ᠪᠣᠯᠬᠤ ᠲᠠᠰᠢᠷᠠᠮ ᠳᠤ᠂ ᠡᠯ᠎ᠡ ᠲᠣᠰᠬᠤᠨ ᠤ ᠬᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠵᠢᠷᠭᠢ᠊ ᠡᠶ᠎ᠡ ᠶᠢᠨ ᠴᠤᠭᠯᠠᠷᠠᠯ᠂ ᠲᠣᠰᠬᠤᠨ ᠪᠣᠯᠭᠠᠨ ᠳᠤᠤᠭᠠᠷᠬᠤ ᠵᠢᠴᠢ ᠤᠲᠠᠰᠤ ᠪᠠᠷ ᠮᠡᠳᠡᠭᠳᠡᠬᠦ ᠵᠡᠷᠭᠡ ᠬᠡᠯᠪᠡᠷᠢ ᠪᠠᠷ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠭᠠᠯ ᠴᠠᠬᠢᠯᠭᠠᠨ ᠨᠡᠭᠦᠷᠡᠰᠦᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠴᠠᠰᠤ ᠮᠥᠰᠥ ᠶᠢ ᠴᠠᠭ ᠲᠤᠬᠠᠶ ᠳᠤᠨᠢ ᠴᠡᠪᠡᠷᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃ ᠡᠭᠦᠨ ᠤ ᠬᠠᠮᠲᠤ ᠰᠢᠨ᠎ᠡ ᠵᠢᠯ᠂ ᠴᠠᠭᠠᠨ ᠰᠠᠷ᠎ᠠ ᠶᠢᠨ ᠵᠢᠵᠢᠭᠦᠷᠯᠡᠬᠦ ᠠᠵᠢᠯ ᠢ ᠤᠷᠢᠳᠴᠢᠯᠠᠨ ᠰᠠᠶᠢᠲᠤᠷ ᠲᠣᠬᠢᠷᠠᠭᠤᠯᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠡᠭᠦᠰᠪᠡᠯ ᠴᠠᠭ ᠲᠤᠬᠠᠶ ᠳᠤᠨᠢ ᠰᠢᠶ᠋ᠳᠪᠦᠷᠢᠯᠡᠵᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠡᠯ᠎ᠡ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠣᠷᠣᠯᠭ᠎ᠠ ᠶᠢᠨ ᠨᠡᠮᠡᠭᠳᠡᠯ ᠠᠷᠪᠠᠨ ᠵᠦᠶ᠋ᠯ ᠤᠨ ᠠᠷᠭ᠎ᠠ ᠬᠡᠮᠵᠢᠶ᠎ᠡ ᠳᠤ ᠨᠡᠶᠢᠴᠡᠬᠦ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠬᠤ ᠬᠥᠮᠦᠰ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠡᠮᠬᠢᠯᠡᠵᠦ᠂ ᠮᠠᠯ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠱᠠᠩᠨᠠᠬᠤ ᠶᠣᠰᠣᠲᠠᠶ ᠶᠢ ᠨᠢ ᠪᠦᠬᠦᠨ ᠢ ᠱᠠᠩᠨᠠᠬᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠡᠷᠬᠡᠪᠰᠢ ᠪᠡᠶᠡᠯᠡᠭᠦᠯᠵᠦ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠣᠯᠭᠤᠬᠤ ᠶᠢ ᠪᠠᠲᠤᠯᠠᠬᠤ ᠬᠡᠷᠡᠭᠲᠡᠶ᠃ ᠲᠦᠷᠪᠡ ᠳᠤ᠂ ᠡᠯ᠎ᠡ ᠲᠣᠰᠬᠤᠨ ᠤ ᠬᠢᠨ ᠤᠢᠢᠷ᠎ᠠ ᠶᠢᠨ ᠬᠤᠭᠤᠴᠠᠭᠠᠨ ᠳᠤ ᠥᠷᠨᠢᠭᠦᠯᠬᠦ ᠪᠠᠷ ᠪᠠᠶᠢᠭ᠎ᠠ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠶᠡᠭᠡ ᠪᠠᠷ ᠵᠢᠭᠰᠠᠭᠠᠨ ᠪᠠᠶᠢᠴᠠᠭᠠᠬᠤ︾ ᠠᠵᠢᠯᠯᠠᠭ᠎ᠠ ᠲᠠᠢ ᠤᠶᠠᠯᠳᠤᠭᠤᠯᠵᠤ᠂ ᠣᠷᠣᠨ ᠰᠠᠭᠤᠴᠠ᠂ ᠡᠮ ᠡᠮᠨᠡᠯᠭᠡ ᠶᠢᠨ ᠳᠠᠭᠠᠳᠬᠠᠯ᠂ ᠠᠵᠢᠯ ᠣᠯᠭᠤᠯᠲᠠ ᠵᠡᠷᠭᠡ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠲᠦᠷᠦ ᠶᠢᠨ ᠪᠤᠳᠤᠯᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠵᠦ᠂ ᠵᠥᠷᠢᠴᠡᠯ ᠢ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠲᠠᠪᠤ ᠳᠤ᠂ ᠡᠯ᠎ᠡ ᠲᠣᠰᠬᠤᠨ ᠤ ᠬᠢᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢᠨ ᠵᠠᠩᠭᠢᠶᠠᠰᠤ ᠶᠢ ᠴᠢᠩᠭ᠎ᠠ ᠵᠢᠷᠤᠮᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠣᠶ ᠪᠥᠬᠦᠶ ᠲᠣᠯᠪᠤ ᠳᠤ ᠬᠤᠯᠪᠣᠭᠳᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠠᠭᠠᠨ᠂ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠠᠯᠬᠤᠮ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠶᠢᠮᠦᠷᠬᠦ ᠠᠰᠠᠭᠤᠳᠠᠯ ᠳᠠᠬᠢᠨᠲᠠ ᠭᠠᠷᠬᠤ ᠶᠢ ᠰᠡᠷᠭᠡᠶᠢᠯᠡᠬᠦ ᠬᠡᠷᠡᠭᠲᠡᠶ᠃ ᠬᠤᠷᠠᠯ ᠳᠡᠭᠡᠷ᠎ᠡ ᠪᠠᠰᠠ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ᠂ ᠠᠮᠤ ᠪᠤᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠭᠤᠷᠪᠠᠨ ᠶᠠᠪᠤᠳᠠᠯ ᠢ ᠢᠯᠡ ᠪᠣᠯᠭᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠰᠢᠩ ᠶᠣᠣ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号