12 ᠰᠠᠷ᠎ᠠ ᠶᠢᠨ 20 ᠤ ᠡᠳᠦᠷ᠂ ᠮᠠᠨ ᠤ ᠰᠤᠮᠤ ᠠᠮᠤᠷ ᠲᠦᠪᠰᠢᠨ ᠤ ᠪᠠᠶᠢᠭᠤᠯᠤᠯᠲᠠ ᠵᠢᠴᠢ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠸᠠᠩ ᠯᠢ ᠫᠢᠩ ᠬᠤᠷᠠᠯ | ᠢ ᠡᠷᠭᠢᠯᠡᠵᠦ᠂ ᠡᠯ᠎ᠡ ᠥᠷᠲᠡᠭᠡ ᠭᠠᠵᠠᠷ ᠤᠨ ᠬᠠᠷᠢᠭᠤᠴᠠᠯᠭᠠᠲᠠᠨ᠂ ᠭᠠᠴᠠᠭ᠎ᠠ ︵ᠲᠠᠯᠠᠪᠠᠶ︶ ᠶᠢᠨ ᠱᠦᠵᠢ᠂ | ᠴᠠᠭᠳᠠᠭᠠᠨ ᠤ ᠶᠠᠪᠤᠳᠠᠯ ᠤᠨ ᠲᠤᠰᠠᠯᠠᠭᠴᠢ 30 ᠬᠥᠮᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽ᠨᠢᠭᠡ ᠠᠩᠭᠢ ᠬᠤᠶᠠᠷ ᠭᠠᠵᠠᠷ︾᠂ ᠡᠯ᠎ᠡ ᠭᠠᠴᠠᠭ᠎ᠠ ︵ᠲᠠᠯᠠᠪᠠᠶ︶ ᠶᠢᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠨᠡᠶᠢᠭᠡᠮ ᠤᠨ ᠠᠮᠤᠷ ᠲᠦᠪᠰᠢᠨ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠶ᠋ᠳᠪᠦᠷᠢᠯᠡᠭᠰᠡᠨ ᠵᠡᠷᠭᠡ ᠪᠠᠶᠢᠳᠠᠯ ᠢ ᠵᠠᠳᠠᠯᠤᠨ | ᠰᠤᠳᠤᠯᠤᠨ ᠮᠠᠭᠠᠳᠯᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠮᠤᠷ ᠠᠮᠤᠭᠤᠯᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠵᠢᠯ ᠤᠨ ᠡᠴᠦᠰ ᠠᠴᠠ ᠡᠮᠦᠨ᠎ᠡ ᠪᠠ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠲᠣᠭᠲᠠᠭᠤᠨ ᠢᠶᠠᠷ ᠠᠬᠢᠭᠤᠯᠬᠤ ᠶᠢ | ᠦᠨᠡᠨ ᠬᠦ ᠪᠠᠲᠤᠯᠠᠪᠠ᠃ ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠠᠮᠤᠷ ᠠᠮᠤᠭᠤᠯᠠᠩ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ | ᠴᠢᠬᠤᠯᠠ ᠶᠡᠭᠡ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ᠂ ᠠᠮᠤᠷ ᠲᠦᠪᠰᠢᠨ ᠲᠣᠭᠲᠠᠭᠤᠨ ᠢ ᠦᠨᠡᠨ ᠬᠦ ᠨᠠᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠦᠵᠡᠯ ᠰᠠᠨᠠᠭ᠎ᠠ ᠪᠠ ᠦᠶ᠋ᠯᠡ | ᠠᠵᠢᠯᠯᠠᠭ᠎ᠠ ᠪᠠᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠶᠡᠭᠡ ᠲᠠᠯ᠎ᠠ ᠳᠡᠭᠡᠷ᠎ᠡ | ᠨᠢᠭᠡᠳᠬᠡᠬᠦ ᠬᠡᠷᠡᠭᠲᠡᠶ︔ ᠬᠤᠶᠠᠷ ᠲᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ | ᠴᠢᠩᠭᠠᠷᠠᠭᠤᠯᠤᠨ᠎ᠠ᠃ ᠡᠯ᠎ᠡ ᠭᠠᠴᠠᠭ᠎ᠠ ︵ᠲᠠᠯᠠᠪᠠᠶ︶ ᠶᠢᠨ ᠱᠦᠵᠢ ᠴᠠᠭᠳᠠᠭᠠᠨ ᠤ ᠶᠠᠪᠤᠳᠠᠯ ᠤᠨ ᠲᠤᠰᠠᠯᠠᠭᠴᠢ᠂ | ᠲᠤᠤᠷᠵᠢᠭᠤᠯᠤᠭᠴᠢ ᠵᠡᠷᠭᠡ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠥᠮᠦᠰ ᠢ ᠭᠦᠶ᠋ᠴᠡᠳ | ᠳᠠᠶᠢᠴᠢᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ | ᠡᠳᠦᠷ ᠲᠤᠲᠤᠮ ᠤᠨ ᠠᠶᠢᠯ ᠡᠷᠦᠬᠡ ᠪᠠᠷ ᠰᠤᠷᠪᠤᠯᠵᠢᠯᠠᠬᠤ ᠳᠤᠮᠳᠠ᠂ ᠣᠷᠤᠭ ᠢᠨᠠᠭ ᠬᠡᠷ ᠪᠦᠯᠢ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ᠂ ᠠᠵᠤ ᠠᠬᠤᠶ ᠮᠥᠩᠭᠦᠨ ᠭᠦᠶ᠋ᠯᠭᠡᠭᠡ᠂ ᠴᠠᠯᠢᠩ ᠥᠷᠢᠲᠦᠬᠦ᠂ ᠨᠤᠲᠤᠭ ᠪᠡᠯᠴᠢᠭᠡᠷ | ᠭᠠᠵᠠᠷ ᠰᠢᠷᠣᠶ ᠵᠡᠷᠭᠡ ᠬᠦᠷᠢᠶᠡᠨ ᠳᠤ ᠵᠢᠭᠤᠷᠠᠯᠳᠤᠭᠠᠨ ᠤ ᠰᠦᠪᠡᠭᠴᠢ ᠶᠢ ᠵᠢᠭᠰᠠᠭᠠᠨ ᠪᠠᠶᠢᠴᠠᠭᠠᠵᠤ᠂ ᠴᠠᠭ | ᠲᠤᠬᠠᠶ ᠳᠤᠨᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠰᠤᠮᠤ ᠶᠢᠨ ᠮᠡᠳᠡᠭᠡ ᠵᠠᠩᠭᠢ ᠡᠵᠡᠮᠰᠢᠬᠦ ᠶᠢᠨ ᠣᠨᠣᠪᠴᠢᠲᠤ | ᠴᠢᠨᠠᠷ᠂ ᠴᠠᠭ ᠲᠤᠬᠠᠶᠢᠴᠢ ᠴᠢᠨᠠᠷ ᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠵᠢᠭᠤᠷᠠᠯᠳᠤᠭᠠᠨ ᠢ ᠲᠤᠬᠠᠶ ᠶᠢᠨ | ᠭᠠᠵᠠᠷ ᠲᠤᠨᠢ ᠰᠢᠶ᠋ᠳᠪᠦᠷᠢᠯᠡᠬᠦ ᠬᠡᠷᠡᠭᠲᠡᠶ︔ ᠭᠤᠷᠪᠠ ᠳᠤ ᠭᠤᠤᠯᠳᠠᠯᠭ᠎ᠠ ᠲᠠᠢ ᠬᠥᠮᠦᠰ ᠢ ᠲᠣᠭᠲᠠᠪᠤᠷᠢᠵᠢᠭᠤᠯᠤᠨ | ᠡᠵᠡᠮᠳᠡᠬᠦ ᠠᠵᠢᠯ ᠢ ᠰᠠᠶᠢᠲᠤᠷ ᠬᠢᠨ᠎ᠠ᠃ ᠳᠠᠪᠬᠤᠷᠳᠠᠭᠤᠯᠤᠨ ᠲᠦᠭᠰᠢᠭᠦᠷᠢ ᠮᠡᠳᠡᠭᠦᠯᠬᠦ᠂ ᠠᠷᠢᠬᠢᠨ ᠳᠤ ᠰᠣᠭᠲᠣᠵᠤ | ᠬᠡᠷᠡᠭ ᠥᠳᠥᠭᠡᠬᠦ᠂ ᠭᠡᠷ ᠪᠦᠯᠢ ᠶᠢᠨ ᠬᠦᠴᠦᠷᠬᠡᠭᠯᠡᠯ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ᠂ ︽ᠭᠤᠷᠪᠠ ᠶᠢ | ᠠᠯᠳᠠᠵᠤ ᠨᠢᠭᠡ ᠶᠢ ᠣᠷᠬᠢᠭᠳᠠᠭᠤᠯᠬᠤ︾ ᠵᠡᠷᠭᠡ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ | ︽ᠨᠢᠭᠡ ᠳᠤ ᠨᠢᠭᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ | ᠭᠤᠣᠯᠳᠠᠯᠭ᠎ᠠ ᠲᠠᠢ ᠬᠥᠮᠦᠰ ᠢ ᠲᠤᠬᠠᠢ ᠶᠢᠨ ᠭᠠᠵᠠᠷ ᠲᠤᠨᠢ ᠲᠣᠭᠲᠠᠭᠤᠨ ᠡᠵᠡᠮᠳᠡᠵᠦ᠂ ᠬᠠᠮᠢᠶᠠᠷᠤᠯᠲᠠ ᠠᠴᠠ | ᠭᠤᠭᠤᠵᠢᠭᠳᠠᠬᠤ᠂ ᠬᠠᠮᠢᠶᠠᠷᠤᠯᠲᠠ ᠠᠴᠠ ᠭᠤᠭᠤᠵᠢᠭᠳᠠᠬᠤ ᠦᠵᠡᠭᠳᠡᠯ ᠭᠠᠷᠭᠠᠬᠤ ᠦᠭᠡᠢ᠃ |