ᠶᠡᠭᠡ ᠨᠠᠭᠤᠷ ᠰᠤᠮᠤ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 14 ᠳ᠋ᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/12/30
    12 ᠳ᠋ᠤᠭᠠᠷ ᠰᠠᠷ᠎ᠠ ᠶᠢᠨ 24 ᠤ ᠡᠳᠦᠷ᠂ ᠶᠡᠭᠡ ᠨᠠᠭᠤᠷ ᠰᠤᠮᠤ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 14 ᠳ᠋ᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠪᠦᠷᠢᠨᠵᠢᠷᠭᠠᠯ ᠬᠤᠷᠠᠯ ᠢ ᠡᠷᠬᠢᠯᠡᠵᠦ᠂ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ ᠭᠡᠷ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠤᠨ ᠣᠷᠳᠣ ᠬᠤᠭᠤᠴᠠᠭ᠎ᠠ ᠪᠠᠷ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠡᠶᠢᠭᠡᠮ ᠤᠨ ᠥᠨᠢ ᠤᠳᠠᠭᠠᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠠᠮᠤᠭᠤᠯᠠᠩ ᠠᠵᠤ ᠲᠦᠷᠦᠭᠦ ᠶᠢ ᠪᠠᠲᠤᠯᠠᠬᠤ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠬᠠᠤᠯᠢᠵᠢᠯ ᠤᠨ ᠴᠠᠭᠠᠨ ᠬᠤᠰᠢᠭᠤ ᠶᠢ ᠪᠥᠲᠥᠭᠡᠨ ᠪᠠᠶᠢᠭᠤᠯᠬᠤ ᠶᠢᠨ ᠴᠢᠬᠤᠯᠠ ᠪᠠᠲᠤᠯᠠᠭ᠎ᠠ ᠮᠥᠨ᠂ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ ᠢ ᠭᠦᠶ᠋ᠴᠡᠳ ᠲᠠᠨᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠣᠳᠣᠯ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃    ᠬᠤᠷᠠᠯ ᠠᠴᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠥᠬᠡᠶ ᠡᠭᠦᠷᠭᠡᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠬᠦ ᠬᠡᠷᠡᠭᠲᠡᠶ︔ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠪᠠᠶᠢᠷᠢᠰᠢᠯ ᠢ ᠪᠦᠷᠢᠨᠰᠢᠭᠦᠯᠵᠦ᠂ ᠰᠠᠯᠠᠭ᠎ᠠ ᠮᠥᠴᠢᠷ᠂ ᠭᠠᠴᠠᠭᠠᠨ ᠤ ᠬᠤᠯᠪᠣᠭᠠᠯᠠᠨ ᠵᠣᠬᠢᠴᠠᠭᠤᠯᠬᠤ ᠶᠢ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠭᠤᠷᠪᠠ ᠳᠤ ᠨᠠᠷᠢᠯᠢᠭ ᠣᠨᠣᠴᠠᠲᠠᠶ ᠪᠠᠷ ᠤᠬᠠᠭᠤᠯᠤᠨ ᠳᠠᠶᠢᠴᠢᠯᠠᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠤᠰᠬᠠᠶ ᠵᠠᠰᠠᠯᠲᠠ ᠲᠠᠢ ᠤᠶᠠᠯᠳᠤᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠨᠡᠶᠢᠭᠡᠮ ᠤᠨ ᠲᠥᠪ ᠰᠤᠷᠲᠠᠯ ᠢ ᠭᠦᠶ᠋ᠴᠡᠳ ᠪᠠᠳᠠᠷᠠᠭᠤᠯᠬᠤ ᠬᠡᠷᠡᠭᠲᠡᠶ᠃
 
ᠢᠷᠡᠯᠲᠡ᠄ ᠶᠡᠬᠡᠨᠠᠭᠤᠷ ᠰᠤᠮᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号