12 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | 2024 ᠣᠨ ᠤ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ 21 | ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠺᠠᠳ᠋ᠷ ᠤᠨ ᠬᠢᠨᠠᠯᠲᠠ ᠲᠠᠯᠪᠢᠬᠤ ᠪᠠ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶ᠎ᠠ ᠪᠥᠬᠦᠶ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠪᠦᠷᠢᠯᠳᠦᠬᠦᠨ ᠨᠢᠭᠡᠴᠢ ᠶᠢᠨ | 2024 ᠣᠨ ᠤ ᠺᠠᠳ᠋ᠷ ᠤᠨ ᠬᠢᠨᠠᠯᠲᠠ ᠲᠠᠯᠪᠢᠭᠰᠠᠨ ᠪᠠᠶᠢᠳᠠᠯ ᠤᠨ ᠲᠤᠬᠠᠶ ᠵᠠᠷᠯᠠᠯ ᠢ ᠰᠣᠨᠣᠰᠤᠭᠰᠠᠨ ᠪᠥᠭᠡᠳ | ᠨᠢᠭᠡᠴᠢ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠺᠠᠳ᠋ᠷ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ | ᠦᠷ᠎ᠡ ᠪᠦᠲᠦᠮᠵᠢ ᠶᠢ ᠴᠢᠨᠠᠭᠰᠢᠳᠠ ᠠᠬᠢᠭᠤᠯᠬᠤ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠢ ᠺᠠᠳ᠋ᠷᠴᠤᠳ ᠲᠤ ᠬᠢᠨᠠᠯᠲᠠ ᠲᠠᠯᠪᠢᠬᠤ ᠠᠵᠢᠯ ᠤᠨ | ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠂ ᠺᠠᠳ᠋ᠷ ᠤᠨ ᠬᠢᠨᠠᠯᠲᠠ ᠲᠠᠯᠪᠢᠬᠤ ᠬᠠᠮᠲᠤᠷᠠᠭᠰᠠᠨ ᠬᠤᠷᠠᠯ ᠤᠨ | ᠲᠦᠷᠢᠮ ᠢ ᠨᠠᠷᠢᠯᠢᠭ ᠨᠠᠶᠢᠳᠠᠪᠤᠷᠢᠵᠢᠭᠤᠯᠬᠤ ᠪᠠᠷ ᠵᠠᠩᠭᠢᠯᠠᠭ᠎ᠠ ᠪᠣᠯᠭᠠᠨ᠎ᠠ᠂ ᠺᠠᠳ᠋ᠷ ᠲᠤ ᠬᠢᠨᠠᠯᠲᠠ ᠲᠠᠯᠪᠢᠬᠤ ᠠᠵᠢᠯ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ᠂ ᠤᠯᠤᠰ | ᠲᠥᠷᠥ ᠶᠢᠨ ᠬᠢᠨᠠᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠨ᠎ᠠ᠂ ᠺᠠᠳ᠋ᠷ ᠢ ᠰᠢᠯᠢᠨ ᠳᠡᠪᠰᠢᠭᠦᠯᠵᠦ | ᠲᠣᠮᠢᠯᠠᠨ ᠬᠡᠷᠡᠭᠯᠡᠬᠦ ᠳᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ᠎ᠡ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠤ ᠬᠢᠨᠠᠯᠲᠠ᠂ ᠺᠠᠳ᠋ᠷ ᠤᠨ ᠡᠳᠦᠷ ᠲᠤᠲᠤᠮ ᠤᠨ ᠬᠢᠨᠠᠯᠲᠠ᠂ ᠨᠠᠢᠮᠠᠨ ᠴᠠᠭ ᠤᠨ ᠭᠠᠳᠠᠨᠠᠬᠢ ᠬᠢᠨᠠᠯᠲᠠ᠂ ᠺᠠᠳ᠋ᠷ ᠤᠨ | ᠡᠩᠨᠡᠭᠡ ᠳᠤ ᠢᠯᠡᠷᠡᠭᠰᠡᠨ ᠴᠤᠬᠤᠶᠢᠯᠲᠠ ᠶᠢᠨ ᠴᠢᠨᠠᠷ ᠢ ᠴᠠᠭ ᠲᠤᠬᠠᠶ ᠳᠤᠨᠢ ᠢᠯᠡᠷᠡᠭᠦᠯᠬᠦ ᠬᠡᠷᠡᠭᠲᠡᠶ᠂ ᠬᠡᠯᠪᠡᠷᠢᠯ ᠤᠨ | ᠴᠢᠨᠠᠷᠲᠠᠶ ᠠᠰᠠᠭᠤᠳᠠᠯ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠠ ᠠᠰᠢᠭᠯᠠᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠦᠷᠭᠦᠯᠵᠢᠯᠡᠨ ᠴᠢᠩᠭᠠᠳᠬᠠᠨ᠎ᠠ᠂ ᠮᠡᠳᠡᠭᠡ | ᠵᠠᠩᠭᠢ ᠶᠢᠨ ᠨᠡᠪᠲᠡᠷᠡᠯᠴᠡᠭᠡ ᠶᠢ ᠲᠡᠭᠦᠯᠳᠡᠷᠵᠢᠭᠦᠯᠦᠨ᠎ᠡ᠂ ᠵᠣᠬᠢᠴᠠᠭᠤᠯᠤᠨ ᠬᠠᠮᠵᠢᠯᠴᠠᠬᠤ ᠲᠣᠭᠲᠠᠴᠠ᠂ ᠮᠡᠳᠡᠭᠡ | ᠵᠠᠩᠭᠢ ᠶᠢ ᠬᠠᠮᠲᠤᠪᠠᠷ ᠬᠦᠷᠲᠡᠬᠦ ᠵᠠᠮ ᠮᠥᠷ ᠢ ᠰᠢᠯᠤᠭᠤᠳᠬᠠᠨ᠎ᠠ᠂ ᠬᠠᠷᠢᠯᠴᠠᠨ ᠬᠤᠯᠪᠣᠯᠳᠤᠬᠤ᠂ ᠬᠠᠮᠵᠢᠯᠴᠠᠨ | ᠥᠨᠳᠥᠷ ᠪᠦᠲᠦᠮᠵᠢᠲᠡᠶ ᠪᠠᠢᠬᠤ ᠺᠠᠳ᠋ᠷ ᠤᠨ ᠬᠢᠨᠠᠯᠲᠠ ᠲᠠᠯᠪᠢᠬᠤ ᠪᠠᠶᠢᠷᠢᠰᠢᠯ᠃ |