ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠄ ᠠᠷᠠᠳ ᠤᠨ ᠬᠢᠨᠠᠯᠲᠠ ᠲᠠᠯᠪᠢᠭᠴᠢ ᠶᠢᠨ ᠦᠶ᠋ᠯᠡᠳᠦᠯ ᠢ ᠪᠠᠳᠠᠷᠠᠭᠤᠯᠵᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠠᠬᠢᠭᠤᠯᠤᠨ᠎ᠠ᠃
ᠨᠡᠶᠢᠲᠡᠯᠡᠭᠰᠡᠨ ᠴᠠᠭ᠄
2024/12/30
    ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠠᠵᠢᠯᠯᠠᠭ᠎ᠠ ᠳᠤ ᠦᠵᠡᠭᠦᠯᠬᠦ ᠠᠷᠠᠳ ᠤᠨ ᠬᠢᠨᠠᠭᠴᠢ ᠶᠢᠨ ᠭᠠᠳᠠᠭᠠᠳᠤ ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢ᠊ ᠡᠶ᠎ᠡ ᠠᠷᠠᠳ ᠤᠨ ᠬᠢᠨᠠᠯᠲᠠ ᠲᠠᠯᠪᠢᠭᠴᠢ ᠶᠢ ᠢᠳᠡᠪᠬᠢᠲᠡᠢ ᠪᠠᠷ ᠤᠷᠢᠵᠤ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠭᠤᠯᠵᠤ᠂ ᠠᠷᠠᠳ ᠤᠨ ᠬᠢᠨᠠᠯᠲᠠ ᠲᠠᠯᠪᠢᠭᠴᠢ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃    ᠬᠡᠷᠡᠭ ᠢ ᠢᠯᠡ ᠪᠠᠷ ᠬᠢᠨᠠᠨ ᠪᠠᠶᠢᠴᠠᠭᠠᠬᠤ ᠪᠠ ᠢᠯᠡ ᠪᠠᠷ ᠭᠡᠷᠡᠴᠢᠯᠡᠭᠡ ᠰᠣᠨᠣᠰᠬᠤ ᠳᠤ ᠣᠷᠣᠯᠴᠠᠬᠤ᠃ ᠠᠷᠠᠳ ᠤᠨ ᠬᠢᠨᠠᠯᠲᠠ ᠲᠠᠯᠪᠢᠭᠴᠢ ᠶᠢ ᠤᠷᠢᠵᠤ ᠬᠡᠷᠡᠭ ᠢ ᠢᠯᠡ ᠪᠠᠷ ᠬᠢᠨᠠᠨ ᠪᠠᠶᠢᠴᠠᠭᠠᠬᠤ ᠳᠤ ᠣᠷᠣᠯᠴᠠᠭᠤᠯᠵᠤ᠂ 14 ᠤᠳᠠᠭ᠎ᠠ ᠢᠯᠡ ᠪᠠᠷ ᠭᠡᠷᠡᠴᠢᠯᠡᠭᠡ ᠰᠣᠨᠣᠰᠴᠤ᠂ ᠠᠷᠠᠳ ᠤᠨ ᠬᠢᠨᠠᠯᠲᠠ ᠲᠠᠯᠪᠢᠭᠴᠢ ᠶᠢᠨ ᠬᠡᠷᠡᠭ ᠰᠢᠢᠳᠪᠦᠷᠢᠯᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠲᠤᠬᠠᠢ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠢᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠬᠤ ᠪᠠᠷ ᠳᠠᠮᠵᠢᠭᠤᠯᠤᠨ ᠪᠠᠶᠢᠴᠠᠭᠠᠬᠤ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠪᠠᠶᠢᠴᠠᠭᠠᠬᠤ ᠲᠤᠰᠢᠶᠠᠯᠲᠠᠨ ᠤ ᠰᠢᠭᠦᠯᠲᠡ ᠳᠤ ᠣᠷᠣᠯᠴᠠᠵᠤ ᠠᠯᠪᠠᠨ ᠵᠠᠭᠠᠯᠳᠤᠯᠭ᠎ᠠ ᠶᠢᠨ ᠠᠵᠢᠯᠯᠠᠭ᠎ᠠ ᠶᠢ ᠳᠡᠮᠵᠢᠬᠦ ᠳᠤ ᠬᠢᠨᠠᠯᠲᠠ ᠲᠠᠯᠪᠢᠨ᠎ᠠ᠃ ᠠᠷᠠᠳ ᠤᠨ ᠬᠢᠨᠠᠭᠴᠢ ᠰᠤᠯᠠ ᠰᠣᠨᠣᠰᠬᠤ ᠳᠤ ᠣᠷᠣᠯᠴᠠᠬᠤ ᠪᠠᠷ ᠳᠠᠮᠵᠢᠭᠤᠯᠤᠨ᠂ ᠠᠯᠪᠠᠨ ᠵᠠᠭᠠᠯᠳᠤᠭᠴᠢ ᠶᠢᠨ ᠰᠢᠭᠦᠬᠦ ᠲᠢᠩᠬᠢᠮ ᠳᠡᠭᠡᠷᠡᠬᠢ ᠯᠠᠪᠯᠠᠨ ᠠᠰᠠᠭᠤᠬᠤ᠂ ᠭᠡᠷᠡᠴᠢ ᠳᠤᠷᠠᠳᠴᠤ ᠲᠤᠯᠭᠠᠨ ᠭᠡᠷᠡᠴᠢᠯᠡᠬᠦ᠂ ᠮᠠᠷᠭᠤᠯᠳᠤᠬᠤ ᠵᠡᠷᠭᠡ ᠠᠵᠢᠯᠯᠠᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠬᠢᠨᠠᠯᠲᠠ ᠲᠠᠯᠪᠢᠬᠤ ᠬᠡᠪᠴᠢᠶ᠎ᠡ ᠶᠢ ᠲᠢᠩᠬᠢᠮ ᠤᠨ ᠰᠢᠭᠦᠯᠲᠡ ᠶᠢᠨ ᠱᠠᠲᠤᠨ ᠳᠤ ᠬᠦᠷᠲᠡᠯ᠎ᠡ ᠤᠷᠲᠤᠳᠬᠠᠵᠤ᠂ ᠪᠠᠶᠢᠴᠠᠭᠠᠬᠤ ᠠᠵᠢᠯ ᠤᠨ ᠢᠯᠡ ᠪᠠᠷ ᠶᠠᠪᠤᠭᠳᠠᠬᠤ ᠶᠢ ᠠᠬᠢᠭᠤᠯᠪᠠ᠃
640 (1).jpg
    ᠲᠣᠭᠤᠷᠢᠨ ᠪᠠᠶᠢᠴᠠᠭᠠᠬᠤ ᠳᠤ ᠣᠷᠣᠯᠴᠠᠬᠤ᠃ ᠠᠷᠠᠳ ᠤᠨ ᠬᠢᠨᠠᠯᠲᠠ ᠲᠠᠯᠪᠢᠭᠴᠢ ᠶᠢ ᠤᠷᠢᠵᠤ ᠰᠠᠬᠢᠨ ᠬᠠᠷᠠᠬᠤ ᠭᠠᠵᠠᠷ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠳᠤᠮᠳᠠ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠭᠤᠯᠵᠤ᠂ ᠬᠤᠷᠢᠭᠳᠠᠵᠤ ᠪᠠᠶᠢᠭ᠎ᠠ ᠬᠥᠮᠦᠰ ᠤᠨ ᠠᠮᠢᠳᠤᠷᠠᠯ ᠤᠨ ᠣᠷᠴᠢᠨ ᠨᠥᠬᠦᠴᠡᠯ ᠢ ᠪᠠᠶᠢᠴᠠᠭᠠᠨ ᠦᠵᠡᠬᠦ᠂ ᠬᠢᠨᠠᠨ ᠬᠠᠮᠢᠶᠠᠷᠬᠤ ᠡᠭᠡ ᠲᠠᠩᠰᠠ ᠶᠢ ᠪᠠᠶᠢᠴᠠᠭᠠᠨ ᠦᠵᠡᠬᠦ ᠵᠡᠷᠭᠡ ᠪᠠᠷ ᠳᠠᠮᠵᠢᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃
微信图片_20241230135220.jpg
    ᠬᠠᠤᠯᠢ ᠴᠠᠭᠠᠵᠠ ᠶᠢᠨ ᠪᠢᠴᠢᠭ ᠬᠠᠷ᠎ᠠ ᠬᠦᠷᠭᠡᠬᠦ ᠶᠢ ᠵᠠᠷᠯᠠᠬᠤ ᠳᠤ ᠬᠢᠨᠠᠯᠲᠠ ᠲᠠᠯᠪᠢᠬᠤ᠃ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠠᠷᠯᠠᠨ ᠬᠦᠷᠭᠡᠬᠦ ᠦᠶ᠎ᠡ ᠳᠤ ᠠᠷᠠᠳ ᠤᠨ ᠬᠢᠨᠠᠯᠲᠠ ᠲᠠᠯᠪᠢᠭᠴᠢ ᠶᠢ ᠤᠷᠢᠨ ᠣᠷᠣᠯᠴᠠᠭᠤᠯᠵᠤ᠂ ᠢᠯᠡ ᠲᠣᠳᠣ ᠶᠢᠨ ᠬᠡᠮᠵᠢ᠊ ᠡᠶ᠎ᠡ ᠶᠢ ᠨᠡᠮᠡᠭᠳᠡᠭᠦᠯᠦᠨ᠂ ᠪᠠᠶᠢᠴᠠᠭᠠᠬᠤ ᠠᠵᠢᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃
微信图片_20241230135351.jpg
    ᠬᠡᠷᠡᠭ ᠤᠨ ᠴᠢᠨᠠᠷ ᠴᠢᠨᠰᠠᠭ᠎ᠠ ᠶᠢ ᠦᠨᠡᠯᠡᠨ ᠪᠠᠶᠢᠴᠠᠭᠠᠬᠤ ᠳᠤ ᠣᠷᠣᠯᠴᠠᠬᠤ᠃ ᠠᠷᠠᠳ ᠤᠨ ᠬᠢᠨᠠᠯᠲᠠ ᠲᠠᠯᠪᠢᠭᠴᠢ ᠶᠢᠨ ᠭᠠᠳᠠᠭᠠᠳᠤ ᠬᠢᠨᠠᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠵᠢᠯᠯᠠᠭ᠎ᠠ ᠳᠤ ᠬᠢᠨᠠᠯᠲᠠ ᠲᠠᠯᠪᠢᠵᠤ᠂ ᠦᠨᠡᠯᠡᠨ ᠪᠠᠶᠢᠴᠠᠭᠠᠬᠤ ᠲᠥᠰᠦᠯ᠂ ᠦᠨᠡᠯᠡᠨ ᠪᠠᠶᠢᠴᠠᠭᠠᠬᠤ ᠪᠠᠷᠢᠮᠵᠢᠶ᠎ᠠ᠂ ᠦᠨᠡᠯᠡᠨ ᠪᠠᠶᠢᠴᠠᠭᠠᠬᠤ ᠠᠷᠭ᠎ᠠ᠂ ᠦᠨᠡᠯᠡᠨ ᠪᠠᠶᠢᠴᠠᠭᠠᠭᠰᠠᠨ ᠦᠷ᠎ᠡ ᠳ᠋ᠦᠩ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠦᠨᠡᠯᠡᠨ ᠪᠠᠶᠢᠴᠠᠭᠠᠬᠤ ᠠᠵᠢᠯᠯᠠᠭ᠎ᠠ ᠶᠢᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃
微信图片_20241230135518.jpg
    ᠬᠠᠤᠯᠢ ᠪᠠᠷᠢᠬᠤ ᠵᠢᠷᠤᠮᠵᠢᠭᠤᠯᠤᠯᠲᠠ ᠶᠢᠨ ᠪᠠᠶᠢᠴᠠᠭᠠᠯᠲᠠ ᠳᠤ ᠤᠷᠢᠭᠳᠠᠨ ᠣᠷᠣᠯᠴᠠᠪᠠ᠃ ᠠᠷᠠᠳ ᠤᠨ ᠬᠢᠨᠠᠯᠲᠠ ᠲᠠᠯᠪᠢᠭᠴᠢ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠲᠤ ᠴᠢᠭᠯᠡᠭᠦᠯᠦᠭᠰᠡᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠵᠡᠷᠭᠡ ᠠᠵᠢᠯᠯᠠᠭ᠎ᠠ ᠳᠤ ︽ᠥᠴᠦᠬᠡᠨ ᠴᠦ ᠵᠠᠶ ᠥᠬᠡᠶ︾ ᠣᠷᠣᠯᠴᠠᠵᠤ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢᠶᠠᠨ ᠴᠢᠩᠭᠠᠳᠬᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃
微信图片_20241230135639.jpg
    ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠠᠵᠢᠯ ᠳᠤ ᠬᠢᠨᠠᠯᠲᠠ ᠲᠠᠯᠪᠢᠪᠠ᠃ ᠠᠷᠠᠳ ᠤᠨ ᠬᠢᠨᠠᠭᠴᠢ ᠶᠢ ᠤᠷᠢᠵᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠬᠠᠢ ᠶᠢᠨ ᠲᠠᠯᠠᠪᠤᠷ ᠢ ᠬᠠᠶᠢᠨ ᠰᠢᠯᠭᠠᠬᠤ ᠠᠵᠢᠯᠯᠠᠭ᠎ᠠ ᠳᠤ ᠬᠢᠨᠠᠯᠲᠠ ᠲᠠᠯᠪᠢᠭᠤᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠬᠠᠤᠯᠢ ᠪᠠᠷ ᠵᠠᠰᠠᠬᠤ ᠲᠠᠶᠢᠯᠤᠮᠵᠢ ᠳᠤ ᠣᠷᠣᠯᠴᠠᠭᠤᠯᠵᠤ᠂ ᠠᠷᠠᠳ ᠤᠨ ᠬᠢᠨᠠᠭᠴᠢ ᠶᠢᠨ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃
微信图片_20241230135816.jpg
      ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠠᠷᠠᠳ ᠤᠨ ᠬᠢᠨᠠᠯᠲᠠ ᠲᠠᠯᠪᠢᠭᠴᠢ ᠳᠤ ᠪᠦᠬᠦ ᠵᠢᠯ ᠤᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠢᠳᠠᠯ ᠪᠠ ᠣᠯᠤᠭᠰᠠᠨ ᠦᠷ᠎ᠡ ᠪᠦᠲᠦᠮᠵᠢ ᠶᠢ ᠮᠡᠳᠡᠭᠳᠡᠵᠦ᠂ ᠠᠷᠠᠳ ᠤᠨ ᠬᠢᠨᠠᠯᠲᠠ ᠲᠠᠯᠪᠢᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠢᠯ ᠢᠶᠠᠨ ᠨᠠᠩ ᠰᠠᠢᠲᠤᠷ ᠰᠠᠢᠵᠢᠷᠠᠭᠤᠯᠵᠤ᠂ ᠪᠠᠶᠢᠴᠠᠭᠠᠬᠤ ᠠᠵᠢᠯ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠤᠨ᠎ᠠ᠃
微信图片_20241230135911.jpg
    ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠠᠵᠢᠯᠯᠠᠭ᠎ᠠ ᠳᠤ ᠰᠠᠨᠠᠯ ᠰᠠᠨᠠᠭᠤᠯᠭ᠎ᠠ ᠳᠤᠷᠠᠳᠤᠨ᠎ᠠ᠃ ᠠᠷᠠᠳ ᠤᠨ ᠬᠢᠨᠠᠭᠴᠢ ᠠᠴᠠ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠪᠠᠶᠢᠳᠠᠯ ᠳᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠳᠤᠷᠠᠳᠴᠤ᠂ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠢ ᠬᠦᠴᠦ ᠪᠠᠨ ᠬᠠᠮᠲᠤᠳᠬᠠᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠪᠡ᠃
微信图片_20241230140025.jpg
    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠠᠷᠠᠳ ᠤᠨ ᠬᠢᠨᠠᠯᠲᠠ ᠲᠠᠯᠪᠢᠭᠴᠢ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠪᠠᠶᠢᠴᠠᠭᠠᠬᠤ ᠠᠵᠢᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠳᠠᠨ᠎ᠠ ᠶᠢᠨ ᠬᠢᠨᠠᠯᠲᠠ ᠪᠠᠷ ᠪᠠᠶᠢᠴᠠᠭᠠᠬᠤ ᠠᠵᠢᠯ ᠤᠨ ᠬᠥᠭᠵᠢᠯᠲᠡ ᠳᠠᠪᠰᠢᠯᠲᠠ ᠶᠢ ᠨᠠᠩ ᠰᠠᠶᠢᠲᠤᠷ ᠠᠬᠢᠭᠤᠯᠤᠨ᠎ᠠ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号