ᠰᠢᠯᠤᠭᠤᠨ ᠬᠥᠪᠡᠭᠡᠲᠦ ᠴᠠᠭᠠᠨ ᠬᠤᠰᠢᠭᠤ 2024 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃
ᠨᠡᠶᠢᠲᠡᠯᠡᠭᠰᠡᠨ ᠴᠠᠭ᠄
2024/12/30
    ᠡᠨᠡ ᠵᠢᠯ ᠠᠴᠠ ᠨᠠᠰᠢ᠂ ᠰᠢᠯᠤᠭᠤᠨ ᠬᠥᠪᠡᠭᠡᠲᠦ ᠴᠠᠭᠠᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ︽ᠰᠢᠯᠢ ᠶᠢᠨ ᠭᠤᠤᠯ ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠡᠭᠦᠷᠭᠡ ᠶᠢᠨ ᠨᠠᠷᠢᠨ ᠲᠠᠩᠰᠠ ︵2024 ᠣᠨ 2025 ᠣᠨ︶︾ ᠶᠢᠨ ᠠᠵᠢᠯ ᠤᠨ ᠡᠬᠡ ᠲᠠᠩᠰᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭ ᠶᠠᠪᠤᠳᠠᠯ ᠢ ᠭᠦᠶ᠋ᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 26 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ 2024 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ 
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号