2024 ᠣᠨ ᠤ 12 ᠰᠠᠷ᠎ᠠ ᠶᠢᠨ 28 ᠤ ᠡᠳᠦᠷ᠂ ᠰᠢᠨ᠎ᠡ ᠵᠢᠯ ᠤᠨ ᠬᠤᠩᠬᠤᠨ ᠲᠠᠭᠤᠨ ᠤᠳᠠᠯ ᠥᠬᠡᠶ | ᠬᠠᠩᠭᠢᠨᠠᠬᠤ ᠶᠢ ᠳᠠᠭᠠᠯᠳᠤᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠤᠨ ︽ᠰᠢᠨ᠎ᠡ ᠵᠢᠯ ᠢ ᠤᠭᠲᠤᠵᠤ ᠴᠠᠭᠠᠨ ᠰᠠᠷ᠎ᠠ ᠶᠢ ᠪᠡᠯᠭᠡᠯᠡᠬᠦ︾ ᠨᠥᠬᠦᠷᠯᠡᠯ ᠤᠨ ᠨᠠᠶᠢᠷ | ᠨᠠᠰᠤᠲᠠᠶᠢᠴᠤᠳ ᠤᠨ ᠬᠥᠳᠡᠯᠭᠡᠭᠡᠨ ᠤ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠠᠵᠢᠯᠯᠠᠭ᠎ᠠ ᠨᠢ ᠮᠠᠰᠢ | ᠣᠯᠠᠨ ᠨᠠᠰᠤᠲᠠᠶᠢᠴᠤᠳ ᠤᠨ ᠠᠩᠬᠠᠷᠤᠯ ᠢ ᠲᠠᠲᠠᠵᠤ᠂ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠬᠠᠮᠲᠤ ᠪᠠᠷ | ᠡᠳ᠋ᠯᠡᠪᠡ᠃ | ᠠᠵᠢᠯᠯᠠᠭ᠎ᠠ ᠨᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠤ | ᠬᠠᠯᠠᠭᠤᠮᠰᠤᠭ ᠪᠠᠶᠠᠷ ᠤᠨ ᠦᠭᠡ ᠳᠤ ᠡᠬᠢᠯᠡᠪᠡ᠃ ᠨᠡᠶᠢᠭᠡᠮᠯᠢᠭ ᠤᠨ ᠬᠠᠷᠢᠭᠤᠴᠠᠯᠭᠠᠲᠠᠨ ᠶᠠᠷᠢᠶᠠᠨ ᠳᠠᠭᠠᠨ 2024 | ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ | ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠡᠷᠭᠢᠴᠡᠭᠦᠯᠪᠡ᠃ ᠲᠡᠭᠡᠬᠦ ᠮᠥᠷᠲᠡᠭᠡᠨ ᠣᠯᠠᠨ ᠢᠶᠠᠷ ᠢᠶᠠᠨ ᠰᠢᠨ᠎ᠡ ᠨᠢᠭᠡᠨ | ᠵᠢᠯ ᠳᠤ ᠭᠡᠷ ᠪᠦᠯᠢ ᠵᠣᠯ ᠵᠢᠷᠭᠠᠯ ᠲᠠᠢ᠂ ᠡᠷᠡᠭᠦᠯ ᠮᠡᠨᠳᠦ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ᠃ | ᠨᠥᠬᠦᠷᠯᠡᠯ ᠤᠨ ᠨᠠᠶᠢᠷ ᠤᠨ ᠠᠭᠤᠯᠭ᠎ᠠ ᠪᠠᠶᠠᠯᠢᠭ᠂ ᠬᠡᠯᠪᠡᠷᠢ ᠣᠯᠠᠨ᠃ ᠡᠩ ᠲᠡᠷᠢᠭᠦᠨ ᠳᠤ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠤᠷᠠᠯᠢᠭ ᠤᠨ ᠨᠠᠶᠢᠷᠠᠯ ᠳᠠᠭᠤᠤ ᠶᠢᠨ ᠪᠦᠯᠬᠦᠮ ᠨᠢ | ᠠᠬᠤᠶ ᠲᠠᠯᠠᠪᠠᠶ ᠶᠢᠨ ᠦᠵᠡᠭᠴᠢᠳ ᠲᠤ ︽ᠦᠵᠡᠰᠬᠦᠯᠡᠩᠲᠦ ᠰᠠᠶᠢᠬᠠᠨ ᠮᠢᠨᠦ ᠨᠤᠲᠤᠭ︾ ᠭᠡᠬᠦ ᠳᠠᠭᠤᠤ ᠶᠢ | ᠠᠪᠴᠢᠷᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠪᠠ᠃ ᠳᠠᠷᠠᠭ᠎ᠠ ᠨᠢ᠂ ᠤᠷᠠᠨ | ᠰᠠᠶᠢᠬᠠᠨ ᠤ ᠲᠣᠭᠯᠠᠯᠲᠠ ᠶᠢᠨ ᠭᠤᠭᠴᠤᠭ᠎ᠠ ᠭᠤᠶᠢᠳᠠ ᠰᠠᠶᠢᠬᠠᠨ ᠪᠣᠯᠵᠣ᠂ ᠪᠥᠵᠢᠭ ︽ᠵᠣᠴᠢᠨ ᠤᠭᠲᠤᠬᠤ | ᠠᠶ᠎ᠠ ︾ ᠂ ᠰᠢᠯᠦᠭ ︽ᠲᠠᠭᠲᠠᠭ᠎ᠠ︾᠂ ᠳᠠᠭᠤᠤ ᠪᠥᠵᠢᠭ ︽ᠨᠢᠭᠡ ᠡᠵᠢ ᠶᠢᠨ ᠰᠠᠶᠢᠨ ᠥᠬᠢᠨ︾᠂ ᠳᠠᠭᠤᠤ ︽ | ᠮᠠᠯᠴᠢᠳ ᠡᠪ ᠬᠠᠮᠲᠤ ᠨᠠᠮ ᠢ ᠳᠠᠭᠤᠯᠠᠨ᠎ᠠ︾᠂ ᠪᠥᠵᠢᠭ ︽ᠰᠣᠯᠣᠩᠭ᠎ᠠ︾ ᠶᠢ ᠡᠭᠡᠯᠵᠢᠯᠡᠨ ᠲᠣᠭᠯᠠᠵᠤ᠂ ᠲᠤᠬᠠᠶ ᠶᠢᠨ | ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠤᠭᠰᠠᠨ ᠢᠶᠠᠷ ᠪᠠᠷᠠᠬᠤ ᠥᠬᠡᠶ᠂ ᠪᠠᠰᠠ | ᠨᠠᠰᠤᠲᠠᠶᠢᠴᠤᠳ ᠤᠨ ᠢᠳᠡᠪᠬᠢᠲᠡᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠬᠥᠳᠡᠯᠭᠡᠭᠡᠨ ᠳᠤᠮᠳᠠ ᠪᠠᠰᠠ ᠨᠢᠳᠦ ᠪᠠᠨ ᠪᠦᠲᠡᠭᠡᠨ ᠠᠯᠬᠤᠬᠤ᠂ ᠲᠡᠭᠡᠭᠡᠪᠦᠷᠢ ᠶᠢᠨ ᠭᠠᠯᠲᠤ ᠲᠡᠷᠭᠡ᠂ ᠰᠠᠨᠳᠠᠯᠢ | ᠪᠤᠯᠢᠶᠠᠯᠳᠤᠬᠤ ᠵᠡᠷᠭᠡ ᠳᠤᠷ᠎ᠠ ᠰᠣᠨᠢᠷᠬᠠᠯ ᠢᠶᠠᠷ ᠪᠢᠯᠬᠠᠮ᠎ᠠ ᠨᠠᠭᠠᠳᠤᠮ ᠲᠣᠭᠯᠠᠭᠠᠮ ᠢ ᠪᠠᠭᠲᠠᠭᠠᠵᠤ᠂ | ᠣᠷᠣᠯᠴᠠᠭᠰᠠᠳ ᠲᠤ ᠰᠢᠨ᠎ᠡ ᠵᠢᠯ ᠤᠨ ᠪᠠᠶᠠᠷ ᠪᠠᠶᠠᠰᠤᠯ ᠢ ᠡᠳ᠋ᠯᠡᠭᠦᠯᠦᠨ᠎ᠡ᠃ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ︽ | ᠰᠢᠨ᠎ᠡ ᠵᠢᠯ ᠴᠠᠭᠠᠨ ᠰᠠᠷ᠎ᠠ ᠶᠢ ᠤᠭᠲᠤᠬᠤ︾ ᠨᠥᠬᠦᠷᠯᠡᠯ ᠤᠨ ᠨᠠᠶᠢᠷ ᠤᠨ ᠠᠵᠢᠯᠯᠠᠭ᠎ᠠ ᠲᠡᠭᠦᠰ ᠠᠮᠵᠢᠯᠲᠠ ᠲᠠᠢ | ᠥᠨᠳᠥᠷᠯᠡᠪᠡ᠃ ᠡᠨᠡ ᠬᠦ ᠦᠪᠡᠳᠡᠭᠰᠢ ᠴᠤᠭᠯᠠᠭᠠᠨ ᠨᠢ ᠨᠠᠰᠤᠲᠠᠶᠢᠴᠤᠳ ᠲᠤ ᠥᠪᠡᠷ ᠢ ᠪᠠᠨ ᠳᠡᠯᠭᠡᠨ ᠦᠵᠡᠭᠦᠯᠬᠦ᠂ | ᠰᠣᠯᠢᠯᠴᠠᠭ᠎ᠠ ᠬᠢᠬᠦ ᠲᠠᠪᠴᠠᠩ ᠢ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠨᠡᠩ ᠴᠤ ᠬᠠᠬᠢᠷ ᠬᠦᠢᠳᠡᠨ | ᠡᠪᠦᠯ ᠤᠨ ᠡᠳᠦᠷ ᠤᠳ ᠲᠤ ᠲᠡᠳᠡᠨ ᠤ ᠰᠡᠳᠬᠢᠯ ᠳᠠᠬᠢ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ ᠪᠠ | ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢ ᠨᠢ ᠬᠥᠭᠵᠢᠭᠡᠵᠡᠢ᠃ | ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠤᠷᠠᠯᠢᠭ ᠤᠨ ᠪᠦᠯᠬᠦᠮ᠂ ᠨᠠᠶᠢᠷᠠᠯ | ᠳᠠᠭᠤᠤ ᠶᠢᠨ ᠪᠦᠯᠬᠦᠮ ᠵᠢᠴᠢ ᠨᠡᠶᠢᠭᠡᠮ ᠲᠣᠭᠤᠷᠢᠭ ᠤᠨ ᠰᠢᠯᠦᠭ ᠤᠨ ᠪᠦᠯᠬᠦᠮ ᠨᠡᠶᠢᠲᠡ 80 ᠭᠠᠷᠤᠶ ᠬᠥᠮᠦᠨ | ᠲᠣᠭᠯᠠᠯᠲᠠ ᠳᠤ ᠣᠷᠣᠯᠴᠠᠪᠠ᠃ |