ᠡᠮᠴᠢᠯᠡᠭᠡᠨ ᠤ ᠬᠠᠪᠰᠤᠷᠤᠯᠴᠠᠯ᠂ ︽ᠡᠮᠴᠢ︾ ᠶᠢᠨ ᠰᠡᠳᠬᠢᠯ ᠰᠢᠯᠤᠭᠤᠨ ᠬᠥᠪᠡᠭᠡᠲᠦ ᠴᠠᠭᠠᠨ ᠬᠤᠰᠢᠭᠤ ᠶᠢ ᠬᠠᠪᠰᠤᠷᠤᠨ ᠲᠡᠳᠬᠦᠬᠦ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠵᠦ ᠰᠣᠯᠢᠯᠴᠠᠬᠤ ᠬᠤᠶᠠᠳᠤᠭᠠᠷ ᠥᠷᠲᠡᠭᠡ ᠰᠢᠯᠢᠨᠬᠤᠲᠠ
ᠨᠡᠶᠢᠲᠡᠯᠡᠭᠰᠡᠨ ᠴᠠᠭ᠄
2024/12/30
    ᠰᠢᠯᠤᠭᠤᠨ ᠬᠥᠪᠡᠭᠡᠲᠦ ᠴᠠᠭᠠᠨ ᠬᠤᠰᠢᠭᠤ ᠨᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠲᠣᠰ ᠭᠠᠵᠠᠷ ᠣᠷᠣᠨ ᠤ ᠡᠮᠴᠢᠯᠡᠭᠡᠨ ᠤ ᠦᠶ᠋ᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠪᠥᠬᠦ ᠠᠶᠢᠮᠠᠭ ᠤᠨ ᠬᠠᠪᠰᠤᠷᠤᠨ ᠲᠡᠳᠬᠦᠬᠦ ᠣᠯᠠᠨ ᠲᠦᠮᠡᠨ ᠤ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢᠶᠠᠷ ᠬᠥᠭᠦᠷᠭᠡ ᠲᠠᠯᠪᠢᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠢᠭᠡᠳᠦᠯᠲᠡᠶ ᠲᠥᠯᠥᠪᠯᠡᠬᠦ᠂ ᠬᠠᠪᠰᠤᠷᠤᠨ ᠲᠡᠳᠬᠦᠬᠦ ᠲᠤᠰᠬᠠᠶ ᠮᠡᠷᠭᠡᠵᠢᠯᠲᠡᠨ ᠤ ᠲᠤᠬᠠᠶ ᠶᠢᠨ ᠭᠠᠵᠠᠷ ᠲᠤᠨᠢ ᠠᠯᠪᠠᠨ ᠵᠢᠷᠤᠮ ᠤᠨ ᠡᠮᠴᠢᠯᠡᠭᠡ ᠬᠢᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠴᠢᠨᠠᠷ ᠰᠠᠶᠢᠲᠠᠶ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠥᠷᠰᠢ ᠬᠤᠰᠢᠭᠤ ᠰᠢᠶᠠᠨ ᠯᠤᠭ᠎ᠠ ᠰᠣᠯᠢᠯᠴᠠᠵᠤ ᠬᠠᠮᠲᠤ ᠪᠠᠷ ᠭᠥᠷᠳᠡᠬᠦ ᠶᠢ ᠠᠬᠢᠭᠤᠯᠪᠠ᠃ 12 ᠳ᠋ᠤᠭᠠᠷ ᠰᠠᠷ᠎ᠠ ᠶᠢᠨ 26 ᠠᠴᠠ 28 ᠤ ᠡᠳᠦᠷ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠪᠦᠯᠬᠦᠮ ᠨᠡᠶᠢᠲᠡ ᠶᠢᠨ ᠠᠮᠢᠰᠬᠤᠯ ᠤᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠡᠩ ᠤᠨ ᠭᠠᠳᠠᠷ ᠰᠠᠯᠠᠭᠠᠨ ᠤ ᠰᠠᠯᠠᠭ᠎ᠠ ᠵᠡᠷᠭᠡ 7 ᠲᠤᠰᠬᠠᠶ ᠮᠡᠷᠭᠡᠵᠢᠯᠲᠡᠨ ᠰᠢᠯᠢᠩᠬᠤᠲᠠ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃    ᠰᠢᠯᠢ ᠶᠢᠨ ᠬᠤᠲᠠ ᠶᠢᠨ ᠰᠢᠷᠠᠳᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠨᠢ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠳᠠᠭᠠᠭᠠᠨ ᠠᠪᠴᠤ ᠭᠦᠶ᠋ᠴᠡᠳᠬᠡᠬᠦ ᠲᠠᠯ᠎ᠠ ᠪᠣᠯᠤᠭᠰᠠᠨ ᠤ ᠬᠤᠪᠢ ᠳᠤ᠂ ᠠᠯᠪᠠᠨ ᠵᠢᠷᠤᠮ ᠤᠨ ᠡᠮᠴᠢᠯᠡᠭᠡᠨ ᠤ ᠰᠣᠯᠢᠯᠴᠠᠭ᠎ᠠ ᠳᠤ ︽ᠪᠠᠲᠤᠯᠠᠭ᠎ᠠ︾ ᠬᠠᠩᠭᠠᠪᠠ᠃ ᠡᠮᠦᠨ᠎ᠡ ᠬᠤᠭᠤᠴᠠᠭᠠᠨ ᠤ ᠥᠷᠭᠡᠨ ᠳᠡᠯᠭᠡᠷ ᠤᠬᠠᠭᠤᠯᠭ᠎ᠠ ᠪᠠᠷ ᠳᠠᠮᠵᠢᠨ᠂ ᠠᠯᠪᠠᠨ ᠵᠢᠷᠤᠮ ᠤᠨ ᠡᠮᠴᠢᠯᠡᠭᠡ ᠳᠤ ᠢᠷᠡᠭᠰᠡᠨ ᠡᠪᠡᠳᠴᠢᠲᠡᠨ ᠲᠠᠰᠤᠷᠠᠯᠲᠠ ᠦᠭᠡᠢ ᠴᠤᠪᠤᠷᠠᠵᠤ ᠪᠠᠢᠨ᠎ᠠ᠃ ᠲᠤᠰᠬᠠᠶ ᠮᠡᠷᠭᠡᠵᠢᠯᠲᠡᠨ ᠤ ᠪᠦᠯᠬᠦᠮ ᠤᠨ ᠲᠤᠰᠬᠠᠶ ᠮᠡᠷᠭᠡᠵᠢᠯ ᠤᠨ ᠬᠦᠷᠢᠶ᠎ᠡ ᠥᠷᠭᠡᠨ᠂ ᠬᠡᠪᠴᠢᠶ᠎ᠡ ᠲᠥᠷᠥᠯ ᠣᠯᠠᠨ᠂ ᠡᠪᠡᠳᠴᠢᠲᠡᠨ ᠤ ᠪᠣᠳᠠᠲᠤ ᠪᠠᠢᠳᠠᠯ ᠢ ᠦᠨᠳᠦᠰᠦᠯᠡᠪᠡᠯ᠂ 7 ᠲᠤᠰᠬᠠᠶ ᠮᠡᠷᠭᠡᠵᠢᠯᠲᠡᠨ ᠲᠤᠰᠬᠠᠶ ᠮᠡᠷᠭᠡᠵᠢᠯ ᠤᠨ ᠣᠨᠣᠰᠢᠯᠠᠯᠲᠠ ᠶᠢᠨ ᠰᠠᠨᠠᠭᠤᠯᠭ᠎ᠠ ᠭᠠᠷᠭᠠᠪᠠ᠂ ᠬᠡᠲᠦ ᠳᠠᠭᠤᠨ ᠤ ᠡᠮᠨᠡᠯᠭᠡ ᠶᠢᠨ ᠳᠠᠰᠤᠭ ᠲᠤ ᠪᠠᠢᠨ᠎ᠠ᠂ ᠱᠢ ᠰᠢᠤᠢ ᠡᠮᠴᠢ ᠶᠢᠨ ᠲᠤᠰᠬᠠᠶ ᠮᠡᠷᠭᠡᠵᠢᠯ ᠤᠨ ᠮᠡᠷᠭᠡᠵᠢᠯ᠂ ᠨᠠᠷᠢᠯᠢᠭ ᠣᠨᠣᠪᠴᠢᠲᠠᠶ ᠵᠠᠳᠠᠯᠤᠯᠲᠠ ᠨᠢ ᠡᠪᠡᠳᠴᠢᠲᠡᠨ ᠪᠠ ᠨᠡᠶᠢᠭᠡᠮ ᠲᠣᠭᠤᠷᠢᠭ ᠤᠨ ᠡᠮᠴᠢ ᠶᠢ ᠮᠠᠭᠲᠠᠨ ᠰᠠᠶᠢᠰᠢᠶᠠᠪᠠ᠂ ᠳᠣᠲᠣᠭᠠᠳᠤ ᠰᠢᠭᠦᠷᠡᠯ ᠤᠨ ᠰᠠᠯᠠᠭᠠᠨ ᠤ ᠲᠤᠰᠬᠠᠶ ᠮᠡᠷᠭᠡᠵᠢᠯᠲᠡᠨ ᠬᠤ ᠶᠠ ᠹᠤᠨ ᠪᠣᠯᠤᠨ ᠬᠢᠲᠠᠳ ᠡᠮᠨᠡᠯᠭᠡ ᠶᠢᠨ ᠰᠠᠯᠠᠭᠠᠨ ᠤ ᠲᠤᠰᠬᠠᠶ ᠮᠡᠷᠭᠡᠵᠢᠯᠲᠡᠨ ᡁᠢ ᠶᠢᠩ ᠴᠤᠸᠠᠨ ᠡᠪᠡᠳᠴᠢᠨ ᠤ ᠪᠠᠢᠳᠠᠯ ᠠᠳᠠᠯᠢᠪᠲᠤᠷ ᠡᠪᠡᠳᠴᠢᠲᠡᠨ ᠢ ᠬᠠᠮᠲᠤᠷᠠᠨ ᠣᠨᠣᠰᠢᠯᠠᠪᠠ᠂ ᠬᠠᠮᠲᠤ ᠪᠠᠷ ᠵᠣᠷ ᠭᠠᠷᠭᠠᠬᠤ᠂ ᠠᠮᠢᠰᠬᠤᠯ ᠤᠨ ᠰᠠᠯᠠᠭᠠᠨ ᠤ ᠲᠤᠰᠬᠠᠢ ᠮᠡᠷᠭᠡᠵᠢᠯᠲᠡᠨ ᠱᠧᠩ ᠸᠧᠢ ᠯᠢ ᠡᠯ᠎ᠡ ᠵᠦᠢᠯ ᠤᠨ ᠲᠦᠷᠭᠡᠨ ᠤᠳᠠᠭᠠᠨ ᠴᠢᠨᠠᠷᠲᠠᠢ ᠠᠮᠢᠰᠬᠤᠯ ᠤᠨ ᠰᠢᠰᠲ᠋ᠧᠮ ᠤᠨ ᠡᠪᠡᠳᠴᠢᠲᠡᠨ ᠳᠤ ᠣᠨᠣᠪᠴᠢᠲᠠᠢ ᠬᠠᠷᠢᠭᠤᠯᠲᠠ ᠥᠭᠪᠡ᠂ ᠠᠯᠪᠠᠨ ᠵᠢᠷᠤᠮ ᠤᠨ ᠡᠮᠨᠡᠯᠭᠡ ᠶᠢᠨ ᠡᠪᠡᠳᠴᠢᠲᠡᠨ ᠳᠤ ᠰᠢᠯᠢᠳᠡᠭ ᠡᠮᠴᠢᠯᠡᠭᠡᠨ ᠤ ᠦᠶ᠋ᠯᠡᠴᠢᠯᠡᠭᠡ ᠬᠠᠩᠭᠠᠨ᠎ᠠ᠂ ᠡᠭᠦᠨ ᠤ ᠬᠠᠮᠲᠤ ᠨᠡᠶᠢᠭᠡᠮ ᠲᠣᠭᠤᠷᠢᠭ ᠤᠨ ᠡᠮᠴᠢ ᠲᠠᠢ ᠣᠷᠳᠣ ᠬᠤᠭᠤᠴᠠᠭᠠᠨ ᠤ ᠪᠦᠲᠦᠮᠵᠢᠲᠡᠶ ᠰᠣᠯᠢᠯᠴᠠᠨ ᠰᠤᠷᠤᠯᠴᠠᠬᠤ ᠲᠣᠭᠲᠠᠴᠠ ᠶᠢ ᠪᠠᠶᠢᠭᠤᠯᠤᠨ᠎ᠠ᠂ ᠴᠡᠭ ᠠᠴᠠ ᠴᠡᠭ ᠲᠤ ᠬᠦᠷᠬᠦ ᠪᠠᠷ ᠥᠩᠭᠡᠷᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠰᠣᠯᠢᠯᠴᠠᠵᠤ ᠣᠨᠣᠰᠢᠯᠠᠨ ᠡᠮᠨᠡᠬᠦ ᠬᠡᠯᠪᠡᠷᠢ ᠳᠤ ᠡᠮᠴᠢᠯᠡᠭᠡᠨ ᠤ ᠬᠠᠪᠰᠤᠷᠤᠯᠭ᠎ᠠ ᠬᠠᠩᠭᠠᠨ᠎ᠠ᠂ ᠬᠠᠮᠲᠤ ᠪᠠᠷ ᠲᠤᠬᠠᠶᠢᠯᠠᠭᠰᠠᠨ ᠠᠵᠢᠯ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠨᠠᠩ ᠣᠯᠠᠨ ᠰᠠᠭᠤᠭᠠᠯᠢ ᠠᠷᠠᠳ ᠲᠤ ᠭᠡᠷ ᠤᠨ ᠡᠭᠦᠳᠡᠨ ᠳᠤ ᠰᠢᠯᠢᠳᠡᠭ ᠡᠬᠢ ᠪᠠᠶᠠᠯᠢᠭ ᠢ ᠡᠳ᠋ᠯᠡᠭᠦᠯᠦᠨ᠎ᠡ᠂ ᠪᠣᠳᠠᠲᠤ ᠠᠵᠢᠯᠯᠠᠭ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠬᠦᠴᠦᠨ ᠨᠡᠮᠡᠷᠢᠯᠡᠨ᠎ᠡ᠃    ᠴᠠᠭᠠᠰᠤ ᠣᠬᠤᠷ ᠬᠠᠶᠢᠷ᠎ᠠ ᠰᠡᠳᠬᠢᠯᠭᠡ ᠲᠠᠢ᠂ ᠪᠡᠭᠡᠵᠢᠩ ᠥᠪᠥᠷ ᠮᠣᠩᠭᠤᠯ ᠤᠨ ᠬᠠᠶᠢᠷ᠎ᠠ ᠰᠡᠳᠬᠢᠯᠭᠡ ᠭᠦᠨ᠂ ᠪᠡᠭᠡᠵᠢᠩ ᠤᠨ ᠳ᠋ᠡ ᠰᠢᠩ ᠲᠣᠭᠤᠷᠢᠭ ᠪᠣᠯᠤᠨ ᠰᠢᠯᠤᠭᠤᠨ ᠬᠥᠪᠡᠭᠡᠲᠦ ᠴᠠᠭᠠᠨ ᠬᠤᠰᠢᠭᠤ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠭᠠᠵᠠᠷ ᠤᠨ ᠬᠢᠨ ᠥᠨᠳᠥᠷ ᠭᠠᠷᠤᠭ᠎ᠠ ᠠᠴᠠ ᠲᠥᠯᠥᠪᠵᠢᠭᠦᠯᠦᠨ ᠪᠠᠶᠢᠷᠢᠰᠢᠭᠤᠯᠬᠤ ᠶᠢ ᠪᠠᠷᠢᠮᠲᠠᠯᠠᠵᠤ᠂ ᠥᠨᠳᠥᠷ ᠪᠠᠶᠢᠷᠢ ᠠᠴᠠ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠦᠶ᠋ᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠤᠰᠬᠠᠶ ᠮᠡᠷᠭᠡᠵᠢᠯᠲᠡᠨ ᠢ ᠳᠠᠭᠠᠭᠤᠯᠤᠨ ᠬᠥᠷᠰᠢ ᠵᠡᠷᠭᠡᠯᠡᠳᠡᠭᠡ ᠬᠤᠰᠢᠭᠤ ᠰᠢᠶᠠᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠰᠣᠯᠢᠯᠴᠠᠭ᠎ᠠ ᠬᠢᠵᠦ᠂ ᠬᠥᠷᠰᠢ ᠵᠡᠷᠭᠡᠯᠡᠳᠡᠭᠡ ᠬᠤᠰᠢᠭᠤ ᠰᠢᠶᠠᠨ ᠳᠤ ᠲᠠᠪᠴᠠᠩ ᠪᠠᠶᠢᠭᠤᠯᠤᠨ ᠥᠭᠴᠦ᠂ ᠡᠬᠢ ᠪᠠᠶᠠᠯᠢᠭ ᠢ ᠬᠤᠷᠠᠮᠳᠤᠭᠤᠯᠤᠨ᠂ ᠪᠡᠭᠡᠵᠢᠩ ᠤᠨ ︽ᠪᠠᠭᠰᠢ︾᠂ ᠲᠤᠷᠰᠢᠯᠭ᠎ᠠ ᠰᠤᠷᠴᠤ᠂ ᠮᠡᠷᠭᠡᠵᠢᠯ ᠰᠤᠷᠴᠤ᠂ ᠨᠢᠭᠡ ᠪᠦᠯᠦᠭ ︽ᠳᠠᠭᠠᠭᠤᠯᠵᠤ ᠶᠠᠪᠤᠬᠤ ᠥᠬᠡᠶ︾ ᠴᠢᠳᠠᠪᠤᠷᠢᠲᠠᠨ ᠤ ᠡᠩᠨᠡᠭᠡ ᠶᠢ ᠦᠯᠡᠳᠡᠭᠡᠨ᠎ᠡ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号