ᠠᠵᠢᠯᠯᠠᠭ᠎ᠠ ᠶᠢᠨ ᠲᠤᠬᠠᠢ ᠶᠢᠨ ᠡᠳᠦᠷ ᠡᠪᠯᠡᠯ ᠵᠠᠯᠠᠭᠤᠴᠤᠳ ᠢ ᠵᠣᠬᠢᠶᠠᠨ ᠪᠠᠶᠢᠭᠤᠯᠵᠤ ᠠᠵᠢᠯᠯᠠᠭ᠎ᠠ ᠶᠢᠨ | ᠲᠠᠯᠠᠪᠤᠷ ᠢ ᠪᠠᠶᠢᠷᠢᠯᠠᠭᠤᠯᠵᠤ᠂ ᠵᠠᠯᠠᠭᠤᠴᠤᠳ ᠪᠠᠶᠠᠷ ᠬᠦᠷ ᠳᠤᠮᠳᠠ ᠥᠪᠡᠷ ᠥᠪᠡᠷ ᠤᠨ ᠠᠵᠢᠯ ᠢᠶᠠᠨ ᠪᠡᠶᠡᠯᠡᠭᠦᠯᠪᠡ᠃ | ᠵᠠᠯᠭᠠᠭᠠᠳ ᠣᠯᠠᠨ ᠢᠶᠠᠷ ᠢᠶᠠᠨ ᠬᠦᠷᠢᠶᠡᠯᠡᠨ᠂ ᠠᠵᠢᠯ ᠬᠤᠪᠢᠶᠠᠨ ᠬᠠᠮᠵᠢᠯᠴᠠᠵᠤ᠂ ᠭᠤᠯᠢᠷ ᠨᠤᠬᠤᠵᠤ᠂ ᠠᠷᠠᠰᠤ | ᠡᠯᠳᠡᠵᠦ᠂ ᠢᠳᠡᠭᠡ ᠪᠠᠭᠯᠠᠵᠤ᠂ ᠬᠥᠳᠡᠯᠦᠯ ᠪᠠᠷᠢᠯ ᠨᠢ ᠪᠣᠯᠪᠠᠰᠤᠷᠠᠩᠭᠤᠢ ᠤᠷᠤᠰᠤᠮ᠎ᠠ᠂ ᠤᠳᠠᠯ ᠦᠭᠡᠢ᠂ ᠬᠡᠯᠪᠡᠷᠢ | ᠳᠦᠷᠰᠦ ᠨᠢ ᠠᠳᠠᠯᠢ ᠦᠭᠡᠢ᠂ ᠬᠥᠭᠡᠷᠦᠬᠦᠨ ᠪᠠᠩᠰᠢ ᠪᠠᠷ ᠳᠦᠭᠦᠷᠴᠡᠢ᠃ ᠪᠠᠩᠰᠢ ᠦᠪᠡᠳᠡᠭᠰᠢ ᠳᠠᠶᠢᠯᠠᠯᠭ᠎ᠠ | ᠥᠩᠭᠡᠷᠡᠭᠰᠡᠨ ᠤ ᠳᠠᠷᠠᠭ᠎ᠠ᠂ ᠳᠠᠷᠤᠶ ᠪᠠᠴᠢᠮ ᠰᠡᠳᠡᠯᠲᠡ ᠲᠠᠢ ᠮᠥᠷᠲᠡᠭᠡᠨ ᠰᠣᠨᠢᠷᠬᠠᠯ ᠪᠢᠯᠬᠠᠮ᠎ᠠ ᠣᠨᠢᠰᠤᠭ᠎ᠠ ᠳᠠᠭᠠᠬᠤ | ᠭᠤᠭᠴᠤᠭ᠎ᠠ ᠪᠣᠯᠤᠨ᠎ᠠ᠃ ᠲᠠᠪᠤᠨ ᠥᠩᠭᠡ ᠶᠢᠨ ᠰᠣᠯᠣᠩᠭᠠᠷᠠᠭᠰᠠᠨ ᠴᠠᠭᠠᠰᠤᠨ ᠳᠡᠭᠡᠷ᠎ᠡ ᠡᠯ᠎ᠡ ᠵᠦᠶ᠋ᠯ ᠤᠨ ᠣᠨᠢᠰᠤᠭ᠎ᠠ | ᠳᠦᠭᠦᠷᠴᠦ᠂ ᠥᠰᠥᠭ ᠤᠨ ᠣᠨᠢᠰᠤᠭ᠎ᠠ᠂ ᠬᠡᠪᠰᠢᠮᠡᠯ ᠦᠭᠡ ᠶᠢᠨ ᠣᠨᠢᠰᠤᠭ᠎ᠠ᠂ ᠭᠠᠵᠠᠷ ᠤᠨ ᠨᠡᠷ᠎ᠡ ᠶᠢᠨ ᠣᠨᠢᠰᠤᠭ᠎ᠠ | ᠵᠡᠷᠭᠡ ᠣᠯᠠᠨ ᠲᠥᠷᠥᠯ ᠵᠦᠶ᠋ᠯ ᠢ ᠬᠠᠮᠤᠷᠴᠤ᠂ ᠣᠯᠠᠨ ᠤ ᠮᠡᠳᠡᠯᠭᠡ ᠶᠢᠨ ᠨᠥᠭᠡᠴᠡ ᠶᠢ ᠰᠢᠯᠭᠠᠬᠤ ᠪᠠᠷ ᠪᠠᠷᠠᠬᠤ ᠥᠬᠡᠶ᠂ | ᠪᠠᠰᠠ ᠰᠡᠳᠬᠢᠬᠦᠶ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠡᠨᠡ ᠤᠳᠠᠭᠠᠨ ᠤ ᠰᠢᠨ᠎ᠡ ᠵᠢᠯ ᠢ ᠪᠡᠯᠭᠡᠯᠡᠬᠦ ᠠᠵᠢᠯᠯᠠᠭ᠎ᠠ ᠨᠢ ᠪᠢᠳᠡᠨ ᠳᠤ ᠥᠪᠡᠷ ᠤᠨ ᠭᠠᠷ ᠢᠶᠠᠷ ᠢᠶᠠᠨ ᠬᠢᠭᠰᠡᠨ | ᠠᠮᠲᠠᠲᠤ ᠪᠠᠩᠰᠢ ᠶᠢ ᠠᠮᠲᠠᠯᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠣᠨᠢᠰᠤᠭ᠎ᠠ ᠳᠠᠭᠠᠬᠤ ᠪᠠᠶᠠᠷ ᠪᠠᠭ᠋ᠠᠳᠤᠯ | ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠠᠶ᠃ ᠰᠢᠨ᠎ᠡ ᠨᠢᠭᠡᠨ ᠵᠢᠯ ᠳᠤ᠂ ᠪᠢᠳᠡ | ᠴᠥᠮ ᠡᠨᠡᠬᠦ ᠪᠠᠶᠠᠷ ᠪᠠᠶᠠᠰᠤᠯ ᠪᠣᠯᠤᠨ ᠬᠠᠯᠠᠭᠤᠨ ᠳᠤᠯᠠᠭᠠᠨ ᠢ ᠡᠪᠦᠷᠯᠡᠵᠦ᠂ ᠭᠠᠷ ᠬᠤᠯᠪᠣᠨ ᠬᠠᠮᠲᠤᠪᠠᠷ | ᠤᠷᠤᠭᠰᠢᠯᠠᠵᠤ᠂ ᠨᠡᠩ ᠤᠯᠠᠨ ᠰᠠᠶᠢᠨ ᠰᠠᠶᠢᠬᠠᠨ ᠡᠷᠭᠢᠴᠡᠭᠦᠯᠦᠯ ᠢ ᠡᠭᠦᠳᠴᠦ᠂ ᠨᠡᠩ ᠭᠡᠷᠡᠯ ᠰᠠᠴᠤᠷᠠᠩᠭᠤᠢ | ᠢᠷᠡᠭᠡᠳᠦᠢ ᠶᠢ ᠤᠭᠲᠤᠬᠤ ᠶᠢ ᠬᠦᠰᠡᠵᠦ ᠪᠠᠶᠢᠨ᠎ᠠ︕ |