ᠡᠳ᠋ ᠤᠨ ᠵᠠᠰᠠᠭ ᠤᠨ ᠶᠠᠮᠤᠨ ᠢᠶᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠤᠨ | ᠬᠤᠯᠪᠣᠭᠳᠠᠯ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ︵ᠡᠳ᠋ ᠲᠠᠷᠢᠶᠠᠯᠠᠩ 202311 ᠳ᠋ᠦᠭᠡᠷ ᠲᠣᠭᠠᠲᠤ︶ ᠪᠠ ︽2024 ᠣᠨ ᠤ | ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢᠨ | ᠲᠥᠰᠦᠪ ᠢ ᠪᠠᠭᠤᠯᠭᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠠᠷᠢᠶᠠᠯᠠᠩ 202417 | ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠲᠥᠪ ᠤᠨ ᠡᠳ᠋ ᠤᠨ ᠵᠠᠰᠠᠭ ᠠᠴᠠ ᠦᠷᠭᠦᠯᠵᠢᠯᠡᠨ ᠬᠥᠳᠡᠭᠡ ᠠᠵᠤ | ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠡᠮᠵᠢᠨ ᠦᠨᠳᠦᠰᠦᠨ | ᠱᠠᠲᠤᠨ ᠤ ᠬᠥᠳᠡᠭᠡ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠣᠯᠤᠨ | ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠶ᠋ᠯ ᠢ ᠳᠡᠮᠵᠢᠨ᠎ᠡ᠂ ᠡᠯ᠎ᠡ ᠭᠠᠵᠠᠷ ᠤᠨ ᠠᠵᠢᠯᠲᠠᠨ ᠤ | ᠪᠣᠯᠪᠠᠰᠤᠷᠠᠭᠤᠯᠤᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠮᠠᠯ ᠦᠵᠡᠭᠦᠯᠦᠯᠭᠡ᠂ ᠵᠢᠯᠣᠭᠤᠳᠬᠤ | ᠦᠶ᠋ᠯᠡᠴᠢᠯᠡᠭᠡ ᠵᠡᠷᠭᠡ ᠲᠥᠷᠥᠯ ᠵᠦᠶ᠋ᠯ ᠤᠨ ᠡᠭᠦᠷᠭᠡ᠂ ᠨᠥᠬᠦᠪᠥᠷᠢ ᠶᠢᠨ ᠲᠥᠷᠥᠯ ᠵᠦᠶ᠋ᠯ ᠢ ᠭᠦᠶ᠋ᠴᠡᠳ ᠪᠠᠳᠠᠷᠠᠭᠤᠯᠵᠤ | ᠡᠩᠨᠡᠭᠡ ᠪᠠᠨ ᠬᠦᠴᠦᠷᠬᠡᠭᠵᠢᠭᠦᠯᠬᠦ ᠬᠡᠷᠡᠭᠲᠡᠶ᠂ ᠲᠦᠯᠬᠢᠬᠦ ᠮᠡᠷᠭᠡᠵᠢᠯ᠂ ᠵᠢᠵᠢᠭ ᠲᠠᠷᠢᠶᠠᠯᠠᠩ ᠢ ᠳᠠᠭᠠᠭᠤᠯᠬᠤ ᠰᠠᠭᠤᠷᠢ | ᠲᠤᠯᠭᠠᠭᠤᠷᠢᠯᠠᠬᠤ ᠦᠶ᠋ᠯᠡᠳᠦᠯ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡ ᠶᠢ | ᠲᠣᠭᠲᠠᠪᠤᠷᠢᠵᠢᠭᠤᠯᠤᠨ᠎ᠠ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠶ᠋ᠯᠡᠴᠢᠯᠡᠭᠡᠨ ᠤ ᠴᠢᠳᠠᠪᠤᠷᠢ ᠶᠢᠨ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠮᠡᠷᠭᠡᠵᠢᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠂ ᠠᠮᠤ ᠪᠤᠳᠠᠭ᠎ᠠ ᠪᠣᠯᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠨ᠎ᠠ᠂ ᠡᠳᠦᠭᠡ ᠮᠠᠨ ᠤ ᠬᠤᠰᠢᠭᠤᠨ ᠤ | 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ | ᠥᠭᠡᠷᠡᠴᠢᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠡᠭᠦᠷᠭᠡ ︵ᠳᠣᠷᠣᠭᠰᠢ ︽ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠰᠢᠰᠲ᠋ᠧᠮᠵᠢ ᠶᠢᠨ ᠲᠥᠷᠥᠯ ᠵᠦᠶ᠋ᠯ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠲᠤᠬᠠᠶ ᠳᠤᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ︽ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠰᠢᠰᠲ᠋ᠧᠮᠵᠢ ᠶᠢᠨ ᠡᠩᠨᠡᠭᠡ ᠶᠢ ᠲᠣᠭᠲᠠᠪᠤᠷᠢᠵᠢᠭᠤᠯᠬᠤ᠂ ᠬᠡᠪ ᠴᠢᠨᠠᠷ ᠢ ᠳᠡᠭᠡᠭᠰᠢᠯᠡᠭᠦᠯᠬᠦ᠂ ᠭᠤᠤᠯ ᠦᠶ᠋ᠯᠡᠰ ᠲᠡᠭᠡᠨ | ᠪᠤᠴᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠶ᠋ᠯᠡᠴᠢᠯᠡᠭᠡᠨ ᠤ ᠴᠢᠳᠠᠮᠵᠢ ᠶᠢ ᠴᠢᠩᠭᠠᠳᠬᠠᠬᠤ︾ ᠲᠤᠬᠠᠶ | ᠴᠢᠬᠤᠯᠠ ᠵᠢᠭᠠᠪᠤᠷᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ | ᠲᠦᠪᠰᠢᠨ᠂ ᠠᠮᠤ ᠪᠤᠳᠠᠭ᠎ᠠ ᠲᠣᠰᠣ ᠵᠡᠷᠭᠡ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠪᠠ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠡᠭᠦᠷᠭᠡ ᠶᠢᠨ ᠲᠣᠭᠤᠷᠢᠨ ᠳᠤ᠂ ᠦᠨᠳᠦᠰᠦᠨ | ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢ ᠵᠣᠬᠢᠶᠠᠨ ᠪᠠᠶᠢᠭᠤᠯᠤᠨ ᠬᠥᠲᠥᠯᠥᠨ | ᠵᠢᠯᠣᠭᠤᠳᠴᠤ ᠪᠠᠶᠢᠭᠠᠳ ᠤᠯᠠᠷᠢᠭᠤᠯᠬᠤ ᠶᠢ ᠠᠬᠢᠭᠤᠯᠬᠤ᠂ ᠮᠡᠷᠭᠡᠵᠢᠯ ᠢ ᠠᠬᠢᠭᠤᠯᠬᠤ᠂ ᠵᠢᠱᠢᠶ᠎ᠡ ᠦᠵᠡᠭᠦᠯᠬᠦ ᠵᠡᠷᠭᠡ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠶᠢ ᠰᠠᠶᠢᠲᠤᠷ ᠭᠦᠶ᠋ᠴᠡᠳᠬᠡᠵᠦ᠂ ᠦᠨᠳᠦᠰᠦᠨ | ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠨᠥᠬᠦᠴᠡᠯ ᠤᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠳᠡᠮᠵᠢᠵᠦ ᠪᠠᠶᠢᠭᠠᠳ ᠵᠢᠷᠤᠮᠵᠢᠭᠤᠯᠤᠨ ᠬᠥᠭᠵᠢᠭᠦᠯᠵᠦ᠂ | ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠠᠷᠭ᠎ᠠ ᠮᠠᠶ ᠢᠭ ᠤᠨ ᠰᠢᠨ᠎ᠡ ᠶᠢ ᠡᠭᠦᠳᠴᠦ᠂ ᠲᠡᠷᠢᠭᠦᠨ ᠤ ᠮᠡᠷᠭᠡᠵᠢᠯ ᠤᠨ | ᠵᠠᠭᠪᠤᠷ ᠢ ᠲᠥᠪᠯᠡᠷᠡᠭᠦᠯᠦᠨ ᠲᠥᠬᠦᠷᠵᠢᠭᠦᠯᠵᠦ᠂ ᠥᠨᠳᠥᠷ ᠤᠨᠠᠯᠲᠠ ᠲᠠᠢ ᠴᠢᠨᠠᠷ ᠰᠠᠶᠢᠲᠠᠶ ᠡᠭᠦᠯᠳᠡᠷ ᠪᠣᠯᠤᠨ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠶᠡᠷᠦᠩᠬᠡᠶᠢᠯᠡᠭᠰᠡᠨ | ᠴᠣᠭᠴᠠ ᠶᠢ ᠰᠦᠪᠡᠭᠴᠢᠯᠡᠨ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ︽ᠪᠥᠬᠦ ᠶᠠᠪᠤᠴᠠ ᠶᠢ | ᠮᠧᠬᠠᠨᠢᠭᠵᠢᠭᠤᠯᠬᠤ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ︾ ᠤᠨ ᠦᠶ᠋ᠯᠡᠴᠢᠯᠡᠭᠡᠨ ᠤ ᠲᠥᠪ ᠤᠨ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠤ | ᠪᠠᠲᠤᠯᠠᠭ᠎ᠠ ᠬᠠᠩᠭᠠᠨ᠎ᠠ᠃ | ᠬᠤᠶᠠᠷ᠂ ᠡᠭᠦᠷᠭᠡ ᠶᠢᠨ ᠬᠠᠷᠠᠯᠲᠠ | ᠲᠥᠷᠥᠯ ᠵᠦᠶ᠋ᠯ ᠤᠨ ᠬᠡᠷᠡᠭᠵᠢᠭᠦᠯᠬᠦ ᠴᠠᠭ ᠨᠢ 2025 ᠣᠨ ᠤ 1 ᠳ᠋ᠦᠭᠡᠷ ᠰᠠᠷ᠎ᠠ 2025 ᠣᠨ ᠤ 12 | ᠳ᠋ᠤᠭᠠᠷ ᠰᠠᠷ᠎ᠠ ᠪᠣᠯᠤᠨ᠎ᠠ᠃ | ︵ᠨᠢᠭᠡ︶ ᠡᠭᠦᠷᠭᠡ ᠶᠢᠨ ᠬᠠᠷᠠᠯᠲᠠ | 1︔ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠭᠤᠤᠯ | ᠴᠣᠭᠴᠠ ᠶᠢᠨ ᠥᠯᠢᠭᠡᠷ ᠠᠪᠴᠤ ᠬᠠᠨᠤᠮᠵᠢᠲᠠᠶ ᠪᠠᠶᠢᠬᠤ ᠬᠡᠮᠵᠢᠶ᠎ᠡ 95 % ᠶᠢ ᠳᠠᠪᠠᠵᠤ᠂ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠳᠡᠯᠭᠡᠷᠡᠭᠦᠯᠬᠦ ᠣᠯᠠᠨ ᠨᠡᠶᠢᠲᠡ ᠶᠢᠨ ᠦᠶ᠋ᠯᠡᠴᠢᠯᠡᠭᠡᠨ ᠤ ᠡᠲᠡᠭᠡᠳ ᠤᠨ ᠥᠯᠢᠭᠡᠷ ᠠᠪᠴᠤ | ᠬᠠᠨᠤᠮᠵᠢᠲᠠᠶ ᠪᠠᠶᠢᠬᠤ ᠬᠡᠮᠵᠢᠶ᠎ᠡ 70 % ᠶᠢ ᠳᠠᠪᠠᠪᠠ᠃ | 2 . ᠲᠤᠰ ᠭᠠᠵᠠᠷ ᠣᠷᠣᠨ ᠤ ᠭᠤᠣᠯᠯᠠᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠬᠦ᠂ ᠶᠠᠰᠤ ᠴᠢᠨᠠᠷ ᠤᠨ ᠠᠮᠤᠷ ᠲᠦᠪᠰᠢᠨ᠂ ᠥᠪᠡᠷ ᠤᠨ ᠥᠷᠲᠡᠭ ᠢ ᠠᠷᠪᠢᠯᠠᠨ ᠦᠷ᠎ᠡ | ᠠᠰᠢᠭ ᠢ ᠨᠡᠮᠡᠭᠳᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠴᠢᠨᠠᠷ ᠰᠠᠶᠢᠲᠠᠶ ᠪᠣᠬᠢᠷᠲᠤᠯ ᠦᠭᠡᠶ | ᠥᠨᠳᠥᠷ ᠦᠷ᠎ᠡ ᠪᠦᠲᠦᠮᠵᠢᠲᠡᠶ 3 ᠮᠡᠷᠭᠡᠵᠢᠯ ᠢ ᠰᠢᠯᠢᠨ ᠰᠣᠩᠭᠤᠬᠤ᠂ ᠨᠡᠶᠢᠲᠡᠯᠡᠬᠦ ᠪᠠ ᠳᠡᠯᠭᠡᠷᠡᠭᠦᠯᠵᠦ᠂ ᠲᠠᠷᠢᠶᠠᠯᠠᠩ | ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠥᠷᠭᠡᠨ ᠢᠶᠠᠷ ᠬᠡᠷᠡᠭᠯᠡᠨ᠂ ᠲᠠᠷᠢᠶᠠᠯᠠᠩ ᠮᠠᠯ ᠠᠵᠤ ᠠᠬᠤᠶ ᠶᠢᠨ ᠭᠤᠣᠯ | ᠳᠡᠯᠭᠡᠷᠡᠭᠦᠯᠬᠦ ᠮᠡᠷᠭᠡᠵᠢᠯ ᠢ ᠪᠣᠳᠠᠲᠠᠶᠢᠵᠢᠭᠤᠯᠤᠭᠰᠠᠨ ᠨᠣᠷᠮ᠎ᠠ ᠶᠢ 95 % ᠶᠢ ᠳᠠᠪᠠᠭᠤᠯᠤᠨ᠎ᠠ᠃ | 3 . ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠷᠰᠢᠯᠲᠠ ᠶᠢᠨ 2 ᠤᠷᠲᠤ ᠬᠤᠭᠤᠴᠠᠭᠠᠨ ᠤ ᠲᠣᠭᠲᠠᠭᠤᠨ ᠲᠠᠯᠠᠪᠠᠶ ᠭᠠᠵᠠᠷ ᠢ ᠪᠦᠲᠦᠭᠡᠨ | ᠪᠠᠶᠢᠭᠤᠯᠬᠤ ᠬᠡᠷᠡᠭᠲᠡᠶ᠃ ᠲᠠᠯᠠᠪᠤᠷ ᠪᠦᠷᠢ ᠨᠢ 2 ᠵᠦᠶ᠋ᠯ ᠠᠴᠠ ᠳᠡᠭᠡᠭᠰᠢ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ | ᠵᠠᠭᠪᠤᠷ ᠢ ᠲᠤᠷᠰᠢᠨ ᠳᠡᠯᠭᠡᠨ ᠦᠵᠡᠭᠦᠯᠵᠦ᠂ 5 ᠤᠳᠠᠭ᠎ᠠ ᠠᠴᠠ ᠳᠡᠭᠡᠭᠰᠢ ᠤᠳᠠᠭ᠎ᠠ ᠶᠢᠨ ᠲᠣᠭᠤᠷᠢᠨ ᠦᠵᠡᠵᠦ | ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠡᠯᠭᠡᠨ ᠦᠵᠡᠭᠦᠯᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ | ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠬᠢᠬᠦ ᠵᠡᠷᠭᠡ ᠣᠯᠠᠨ ᠴᠢᠳᠠᠮᠵᠢᠳᠤ᠂ ᠶᠡᠷᠦᠩᠬᠡᠶᠢᠯᠡᠭᠰᠡᠨ ᠴᠢᠨᠠᠷᠲᠠᠶ | ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠨ ᠦᠵᠡᠭᠦᠯᠬᠦ ᠦᠶ᠋ᠯᠡᠴᠢᠯᠡᠭᠡᠨ ᠤ ᠲᠠᠪᠴᠠᠩ ᠢ | ᠲᠥᠪᠯᠡᠷᠡᠭᠦᠯᠦᠨ ᠪᠠᠶᠢᠭᠤᠯᠤᠨ᠎ᠠ᠃ | 4 . ᠪᠥᠬᠦ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠨᠡᠶᠢᠳᠡᠮ ᠳᠡᠭᠡᠨ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠰᠤᠷᠤᠯᠴᠠᠵᠤ ᠰᠣᠯᠢᠯᠴᠠᠬᠤ ᠪᠠ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠬᠢᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ APP ᠶᠢᠨ ᠬᠠᠷᠢᠴᠠᠯ | 90 % ᠶᠢ ᠳᠠᠪᠠᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ | ᠳᠠᠮᠵᠢᠭᠤᠯᠤᠨ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠶ᠋ᠯᠡᠴᠢᠯᠡᠭᠡ ᠥᠷᠨᠢᠭᠦᠯᠬᠦ ᠬᠠᠷᠢᠴᠠᠯ 80 % ᠶᠢ | ᠳᠠᠪᠠᠵᠤ᠂ ᠨᠥᠬᠦᠪᠥᠷᠢ ᠶᠢᠨ ᠲᠥᠷᠥᠯ ᠵᠦᠶ᠋ᠯ ᠳᠤ ᠮᠡᠷᠭᠡᠵᠢᠯ ᠤᠨ ᠦᠶ᠋ᠯᠡᠴᠢᠯᠡᠭᠡ ᠶᠢ ᠰᠦᠯᠵᠢᠶᠡᠵᠢᠭᠦᠯᠬᠦ᠂ | ᠦᠶ᠋ᠯᠡᠴᠢᠯᠡᠭᠡ ᠶᠢ ᠳᠡᠯᠭᠡᠷᠡᠭᠦᠯᠬᠦ ᠶᠢ ᠮᠡᠳᠡᠭᠡ ᠵᠠᠩᠭᠢᠵᠢᠯᠲᠠ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠲᠠᠪᠴᠠᠩ ᠢ ᠪᠡᠶᠡᠯᠡᠭᠦᠯᠪᠡ᠃ | 5 . 1 / 3 ᠠᠴᠠ ᠳᠡᠭᠡᠭᠰᠢ ᠣᠷᠣᠨ ᠲᠣᠭᠠᠨ ᠤ ᠳᠣᠲᠣᠷᠠᠬᠢ ᠦᠨᠳᠦᠰᠦᠨ ᠱᠠᠲᠤᠨ ᠤ ᠲᠠᠷᠢᠶᠠᠯᠠᠩ ᠤᠨ | ᠮᠡᠷᠭᠡᠵᠢᠯ ᠤᠨ ᠠᠵᠢᠯᠲᠠᠨ ᠳᠤ ᠠᠵᠢᠯ ᠠᠴᠠ ᠨᠢ ᠰᠠᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ 5 | ᠡᠳᠦᠷ ᠠᠴᠠ ᠳᠡᠭᠡᠭᠰᠢ ᠬᠦᠷᠲᠡᠭᠡᠵᠦ᠂ ᠡᠭᠦᠨ ᠳᠤ ᠤᠨᠳᠤᠤ ᠭᠠᠵᠠᠷ ᠪᠣᠯᠪᠠᠰᠤᠷᠠᠭᠤᠯᠬᠤ ︵ᠬᠤᠰᠢᠭᠤ ᠰᠢᠶᠠᠨ ᠠᠴᠠ | ᠭᠠᠷᠬᠤ︶ ᠬᠥᠮᠦᠨ ᠤ ᠲᠤᠭ᠎ᠠ ᠶᠢ ᠪᠣᠯ ᠪᠣᠯᠪᠠᠰᠤᠷᠠᠭᠤᠯᠬᠤ ᠠᠵᠢᠯᠲᠠᠨ ᠤ ᠶᠡᠷᠦᠩᠬᠡᠶ ᠲᠣᠭᠠᠨ ᠤ 60 % ᠠᠴᠠ | ᠳᠤᠤᠷ᠎ᠠ ᠪᠠᠶᠢᠯᠭᠠᠵᠤ ᠪᠣᠯᠬᠤ ᠦᠭᠡᠶ᠃ | 6 . ᠣᠨᠴᠠ ᠤᠷᠢᠭᠰᠠᠨ ᠡᠭᠦᠷᠭᠡ ᠶᠢ ᠬᠡᠷᠡᠭᠵᠢᠭᠦᠯᠵᠦ᠂ ᠣᠨᠴᠠ ᠤᠷᠢᠭᠰᠠᠨ ᠬᠥᠮᠦᠨ 6 ᠠᠴᠠ ᠴᠥᠭᠡᠨ | ᠪᠠᠶᠢᠵᠤ ᠪᠣᠯᠬᠤ ᠥᠬᠡᠶ᠃ | 7 . ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ︽ᠠᠷᠪᠠᠨ ᠰᠢᠯᠢᠳᠡᠭ ᠲᠠᠷᠢᠶᠠᠯᠠᠩ ᠢ ᠲᠤᠰᠠᠯᠠᠬᠤ︾ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠢ ᠰᠢᠯᠭᠠᠷᠠᠭᠤᠯᠬᠤ ᠶᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠶ᠃ | 8 . ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ᠂ ᠴᠢᠬᠤᠯᠠ ᠶᠡᠭᠡ | ᠮᠡᠷᠭᠡᠵᠢᠯ ᠤᠨ ᠬᠠᠮᠵᠢᠯᠴᠠᠭ᠎ᠠ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠮᠡᠷᠭᠡᠵᠢᠯ ᠤᠨ ᠰᠢᠰᠲ᠋ᠧᠮᠵᠢ ᠶᠢᠨ ︽ᠲᠠᠷᠢᠶᠠᠯᠠᠩ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠪᠣᠯᠪᠠᠰᠤᠷᠠᠭᠤᠯᠤᠯ᠂ ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ︾ ᠳᠠᠪᠠᠭᠤᠯᠢᠭ ᠢ ᠪᠠᠳᠠᠷᠠᠭᠤᠯᠤᠨ᠂ ᠦᠬᠡᠷ | ᠬᠤᠨᠢᠨ ᠮᠢᠬ᠎ᠠ ᠰᠦ ᠨᠣᠭᠤᠭ᠎ᠠ ᠵᠡᠷᠭᠡ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠣᠭᠲᠠᠭᠤᠨ ᠢᠶᠠᠷ ᠬᠠᠩᠭᠠᠬᠤ ᠪᠠ ᠲᠥᠮᠥᠰᠥ᠂ ᠪᠤᠭᠤᠳᠠᠶ᠂ ᠰᠢᠯᠢᠮᠳᠡᠭ ᠵᠡᠷᠭᠡ ᠴᠢᠬᠤᠯᠠ ᠠᠮᠤ ᠪᠤᠳᠠᠭ᠎ᠠ ᠲᠣᠰᠣᠨ ᠤ | ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠲᠡᠷᠢᠭᠦᠨ ᠤ ᠤᠯᠠᠮᠵᠢᠯᠠᠨ ᠳᠡᠯᠭᠡᠷᠡᠭᠦᠯᠬᠦ ᠠᠷᠭ᠎ᠠ ᠪᠠᠷᠢᠯ ᠢ | ᠬᠡᠷᠡᠭᠯᠡᠬᠦ ᠶᠢ ᠵᠣᠷᠢᠭᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠶᠠᠪᠤᠴᠠ ᠶᠢᠨ ᠮᠠᠰᠢᠨᠴᠢᠯᠠᠯᠲᠠ ᠶᠢ ᠳᠡᠯᠭᠡᠷᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠠᠷᠢᠶᠠᠯᠠᠩ | ᠮᠠᠯ ᠠᠵᠤ ᠠᠬᠤᠶ ᠶᠢᠨ ᠲᠡᠷᠢᠭᠦᠨ ᠤ ᠮᠡᠷᠭᠡᠵᠢᠯ ᠢ ᠣᠷᠣᠭᠤᠯᠵᠤ ᠢᠷᠡᠨ᠂ ᠲᠠᠷᠢᠶᠠᠯᠠᠩ ᠮᠠᠯ ᠠᠵᠤ ᠠᠬᠤᠶ ᠶᠢᠨ᠃ | ︵ᠬᠤᠶᠠᠷ︶ ᠲᠤᠰᠠᠯᠠᠬᠤ ᠠᠭᠤᠯᠭ᠎ᠠ | 1 . ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠶ᠋ᠯᠡᠴᠢᠯᠡᠭᠡᠨ ᠤ ᠨᠥᠬᠦᠪᠥᠷᠢ᠃ | ᠭᠤᠤᠯᠳᠠᠭᠤ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠠᠵᠢᠯᠲᠠᠨ ᠲᠣᠰᠬᠤᠨ ᠪᠠ | ᠡᠷᠦᠬᠡ ᠳᠤ ᠬᠦᠷᠴᠦ ᠮᠡᠷᠭᠡᠵᠢᠯ ᠤᠨ ᠦᠶ᠋ᠯᠡᠴᠢᠯᠡᠭᠡᠨ ᠤ ᠲᠤᠰᠠᠯᠠᠮᠵᠢ ᠦᠵᠡᠭᠦᠯᠬᠦ᠂ ᠲᠤᠰᠬᠠᠶ ᠮᠡᠷᠭᠡᠵᠢᠯᠲᠡᠨ ᠤ | ᠪᠦᠯᠬᠦᠮ ᠨᠡᠶᠢᠲᠡ ᠶᠢ ᠤᠷᠢᠬᠤ᠂ ︽ᠣᠨᠴᠠ ᠤᠷᠢᠬᠤ ᠲᠥᠯᠥᠪᠯᠡᠭᠡ︾ ᠶᠢ ᠬᠡᠷᠡᠭᠵᠢᠭᠦᠯᠬᠦ᠂ ᠦᠶ᠋ᠯᠡᠴᠢᠯᠡᠭᠡᠨ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠶᠢ ᠳᠡᠮᠵᠢᠵᠦ᠂ ︽ᠨᠢᠭᠡ ᠡᠵᠡᠨ ᠲᠠᠢ ᠪᠥᠭᠡᠳ ᠣᠯᠠᠨ | ᠡᠰᠢᠲᠦ︾ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ | 2 . ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠨᠥᠬᠦᠴᠡᠯ ᠤᠨ ᠴᠢᠳᠠᠪᠤᠷᠢ ᠶᠢᠨ ᠨᠥᠬᠦᠪᠥᠷᠢ᠃ | ᠨᠢᠭᠡ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠦᠵᠡᠭᠦᠯᠦᠯᠭᠡ ᠶᠢᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ᠃ ᠬᠤᠶᠠᠷ ᠲᠤ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠭᠤᠣᠯ ᠴᠣᠭᠴᠠ ᠳᠤ ᠰᠢᠨ᠎ᠡ ᠡᠭᠦᠯᠳᠡᠷ᠂ | ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠳᠤ ᠲᠤᠰᠠᠯᠠᠮᠵᠢ ᠣᠯᠭᠤᠨ᠎ᠠ᠃ ᠭᠤᠷᠪᠠ ᠳᠤ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠳᠡᠯᠭᠡᠷᠡᠭᠦᠯᠬᠦ ᠦᠶ᠋ᠯᠡᠴᠢᠯᠡᠭᠡᠨ ᠤ ᠨᠥᠬᠦᠪᠥᠷᠢ ᠶᠢ | ᠥᠷᠨᠢᠭᠦᠯᠦᠨ᠎ᠡ᠃ | 3 . ᠮᠡᠷᠭᠡᠵᠢᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ᠃ ᠬᠥᠳᠡᠭᠡ ᠠᠵᠤ ᠠᠬᠤᠶ | ᠬᠥᠳᠡᠭᠡ ᠲᠣᠰᠬᠤᠨ ᠤ ᠶᠠᠮᠤᠨ ᠤ ᠬᠥᠳᠡᠭᠡ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠭᠤᠤᠯᠯᠠᠭᠴᠢ | ᠴᠢᠳᠠᠪᠤᠷᠢᠲᠠᠨ ᠢ ᠬᠥᠮᠦᠵᠢᠭᠦᠯᠬᠦ᠂ ᠤᠨᠳᠤᠤ ᠭᠠᠵᠠᠷ ᠲᠤ ᠰᠤᠳᠤᠯᠤᠨ ᠰᠤᠷᠤᠯᠴᠠᠬᠤ᠂ ᠲᠥᠪᠯᠡᠷᠡᠭᠦᠯᠦᠨ | ᠪᠣᠯᠪᠠᠰᠤᠷᠠᠭᠤᠯᠬᠤ ᠪᠠ ᠲᠤᠬᠠᠶ ᠶᠢᠨ ᠲᠠᠯᠠᠪᠤᠷ ᠲᠤ ᠪᠣᠳᠠᠲᠠᠶ ᠪᠣᠯᠪᠠᠰᠤᠷᠠᠯ ᠬᠢᠬᠦ ᠵᠡᠷᠭᠡ ᠵᠢᠭᠠᠬᠤ ᠮᠠᠲ᠋ᠧᠷᠢᠶᠠᠯ᠂ | ᠲᠠᠯᠠᠪᠤᠷ ᠭᠠᠵᠠᠷ᠂ ᠠᠵᠢᠯ ᠢᠶᠠᠷ ᠭᠠᠳᠠᠭᠰᠢ ᠭᠠᠷᠬᠤ᠂ ᠢᠳᠡᠵᠦ ᠤᠤᠭᠤᠬᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ | ᠵᠡᠷᠭᠡ ᠶᠢᠨ ᠪᠣᠯᠪᠠᠰᠤᠷᠠᠯ ᠳᠤ ᠣᠷᠣᠯᠴᠠᠬᠤ ᠬᠤᠯᠪᠣᠭᠳᠠᠯ ᠪᠥᠬᠦᠶ ᠵᠠᠷᠤᠳᠠᠯ ᠢ ᠪᠠᠭᠲᠠᠭᠠᠭᠰᠠᠨ ᠲᠠᠷᠢᠶᠠᠯᠠᠩ ᠤᠨ | ᠮᠡᠷᠭᠡᠵᠢᠯ ᠤᠨ ᠠᠵᠢᠯᠲᠠᠨ ᠤ ᠮᠡᠳᠡᠯᠭᠡ ᠶᠢᠨ ᠰᠢᠨᠡᠴᠢᠯᠡᠯᠲᠡ ᠬᠢᠬᠦ ᠶᠢ ᠳᠡᠮᠵᠢᠨ᠎ᠡ᠃ | 4 . ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠨᠥᠬᠦᠪᠥᠷᠢ᠃ ᠠᠮᠤ ᠪᠤᠳᠠᠭ᠎ᠠ ᠲᠣᠰᠣ ᠵᠡᠷᠭᠡ ᠭᠤᠤᠯ ᠪᠣᠯᠬᠤ | ᠲᠠᠷᠢᠮᠠᠯ ᠳᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ ᠶᠢᠨ | ᠦᠶ᠋ᠯᠡᠳᠪᠦᠷᠢᠯᠡᠯ ᠤᠨ ᠪᠠᠭᠤᠷᠠᠶ ᠲᠠᠯ᠎ᠠ ︵ᠥᠨᠳᠥᠷ ᠦᠷ᠎ᠡ ᠪᠦᠲᠦᠮᠵᠢᠲᠡᠶ ᠪᠠᠷ ᠤᠷᠭᠤᠮᠠᠯ ᠢ ᠬᠠᠮᠠᠭᠠᠯᠠᠬᠤ᠂ ᠡᠰᠢ | ᠰᠦᠷᠡᠯ ᠢ ᠰᠢᠶ᠋ᠳᠪᠦᠷᠢᠯᠡᠬᠦ᠂ ᠡᠷᠳᠡᠨᠢ ᠰᠢᠰᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ | | |