ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 1 . 9 % ᠪᠠᠷ ᠨᠡᠮᠡᠭᠳᠡᠪᠡ᠃
ᠨᠡᠶᠢᠲᠡᠯᠡᠭᠰᠡᠨ ᠴᠠᠭ᠄
2024/12/31
    2024 ᠣᠨ ᠠᠴᠠ 11 ᠰᠠᠷ᠎ᠠ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠨᠡᠶᠢᠭᠡᠮ  ᠤᠨ  ᠬᠡᠷᠡᠭᠯᠡᠭᠡᠨ  ᠤ  ᠵᠦᠶ᠋ᠯ  ᠤᠨ  ᠵᠢᠵᠢᠭᠯᠡᠨ  ᠬᠤᠳᠠᠯᠳᠤᠭᠰᠠᠨ ᠶᠡᠷᠦᠩᠬᠡᠶ ᠲᠤᠭ᠎ᠠ ᠨᠢ 56765  ᠲᠦᠮᠡᠨ  ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 9 % ᠪᠠᠷ ᠨᠡᠮᠡᠭᠳᠡᠵᠦ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 0 . 2 ᠵᠠᠭᠤᠨ ᠤ ᠴᠡᠭ ᠥᠨᠳᠥᠷ ᠪᠠᠶᠢᠵᠤ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠶᠢᠰᠦᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠪᠠ᠃ ᠪᠣᠷᠣᠯᠠᠭᠤᠯᠬᠤ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 49092 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 8 % ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 7673 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2 . 4 % ᠪᠠᠷ ᠨᠡᠮᠡᠭᠳᠡᠪᠡ᠃ ᠠᠵᠢᠯ ᠲᠥᠷᠥᠯ ᠤᠨ ᠬᠤᠪᠢ ᠪᠠᠷ ᠬᠤᠪᠢᠶᠠᠪᠠᠯ᠄ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 48882 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 4 % ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 7883 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 6 % ᠪᠠᠷ ᠨᠡᠮᠡᠭᠳᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号