2024 ᠣᠨ ᠤ ᠲᠦᠷᠦᠭᠦᠦ ᠭᠤᠷᠪᠠᠨ ᠤᠯᠠᠷᠢᠯ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠰᠠᠶᠢᠵᠢᠷᠠᠪᠠ᠃
ᠨᠡᠶᠢᠲᠡᠯᠡᠭᠰᠡᠨ ᠴᠠᠭ᠄
2024/12/31
    ᠲᠦᠷᠦᠭᠦᠦ ᠭᠤᠷᠪᠠᠨ ᠤᠯᠠᠷᠢᠯ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠬᠡᠷᠡᠭᠲᠡᠶ᠂ ᠨᠠᠮ ᠤᠨ ᠲᠥᠪ ᠬᠤᠷᠢᠶ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠠᠶᠢᠮᠠᠭ ᠤᠨ ᠨᠠᠮ ᠤᠨ ᠬᠤᠷᠢᠶᠠᠨ ᠳᠤ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠨ᠎ᠠ᠂ ᠠᠬᠢᠭᠤᠯᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠰᠡᠭᠦᠯᠡᠷ ᠡᠪᠳᠡᠬᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠶ᠎ᠡ᠂ ᠳᠤᠮᠳᠠ ᠤᠷᠤᠰᠬᠠᠯ ᠳᠤ ᠣᠷᠣᠬᠤ᠂ ᠦᠶ᠋ᠯᠡᠳᠪᠦᠷᠢᠯᠡᠯ ᠤᠨ ᠬᠡᠷᠡᠭᠴᠡᠭᠡ ᠦᠷᠭᠦᠯᠵᠢᠯᠡᠨ ᠰᠡᠷᠭᠦᠪᠡ᠂ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ᠂ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠠᠬᠢᠯᠲᠠ ᠲᠠᠢ᠂ ᠦᠷᠭᠦᠯᠵᠢᠯᠡᠨ ᠰᠠᠶᠢᠵᠢᠷᠠᠬᠤ᠃    ᠬᠤᠰᠢᠭᠤ ᠰᠢᠶᠠᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠲᠦᠷᠦᠭᠦᠦ ᠭᠤᠷᠪᠠᠨ ᠤᠯᠠᠷᠢᠯ ᠳᠤ᠂ ᠮᠠᠨ ᠤ ᠬᠤᠰᠢᠭᠤᠨ ᠤ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ 30229 ᠲᠦᠮᠡᠨ ᠲᠥᠭᠦᠷᠢᠭ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 9 . 1 % ᠪᠠᠷ ᠨᠡᠮᠡᠭᠳᠡᠪᠡ᠃ ᠠᠵᠤ ᠦᠶ᠋ᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶ᠋ᠯᠡᠰ ᠤᠨ ᠨᠡᠮᠡᠭᠳᠡᠯ ᠥᠷᠲᠡᠭ 31233 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7 . 5 % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 157771 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 17 . 9 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 113295 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1 . 0 % ᠪᠠᠷ ᠨᠡᠮᠡᠭᠳᠡᠪᠡ᠃    ᠨᠢᠭᠡ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7 . 5 % ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠶ᠋ᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 7 . 9 % ᠪᠠᠷ ᠨᠡᠮᠡᠭᠳᠡᠪᠡ︔ ᠣᠳᠣᠬᠠᠨ ᠤ ᠡᠵᠡᠮᠰᠢᠭᠰᠡᠨ ᠲᠤᠭ᠎ᠠ ᠪᠠᠷᠢᠮᠲᠠ ᠠᠴᠠ ᠦᠵᠡᠪᠡᠯ᠂ ᠢᠳᠡᠰᠢᠨ ᠨᠣᠭᠤᠭ᠎ᠠ ᠵᠢᠴᠢ ᠢᠳᠡᠰᠢᠨ ᠮᠥᠭᠦ ᠳᠠᠷᠢᠬᠤ ᠲᠠᠯᠠᠪᠠᠶ ᠨᠢ 7616 ᠮᠥ ᠪᠠᠶᠢᠵᠤ᠂ ᠤᠨᠠᠯᠲᠠ ᠨᠢ 41748 ᠲᠣᠨ ᠪᠣᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠮᠠᠯ ᠠᠵᠤ ᠠᠬᠤᠶ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠡᠭᠦᠨ ᠳᠤ ᠪᠣᠳᠠ ᠮᠠᠯ ᠤᠨ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ 55 . 1 % ᠪᠠᠷ ᠨᠡᠮᠡᠭᠳᠡᠪᠡ᠃    ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠯ ᠢᠶᠠᠨ ᠪᠠᠲᠤᠯᠠᠵᠤ᠂ ᠠᠵᠤ ᠠᠬᠤᠶᠢᠯᠠᠯ ᠤᠨ ᠦᠷ᠎ᠡ ᠠᠰᠢᠭ ᠢᠯᠡᠳᠲᠡ ᠰᠠᠶᠢᠵᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21 . 1 % ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 24 . 8 % ᠪᠠᠷ ᠨᠡᠮᠡᠭᠳᠡᠪᠡ︔ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1 . 0 % ᠨᠡᠮᠡᠭᠳᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 27 . 3 % ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠦᠨᠳᠦ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 24 . 4 % ᠪᠠᠷ ᠨᠡᠮᠡᠭᠳᠡᠵᠦ᠂ ᠬᠥᠩᠭᠡᠨ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 30 . 2 % ᠢᠶᠠᠷ ᠨᠡᠮᠡᠭᠳᠡᠪᠡ᠃ ᠠᠵᠢᠯ ᠲᠥᠷᠥᠯ ᠠᠴᠠ ᠦᠵᠡᠪᠡᠯ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠶ᠋ᠯᠡᠳᠪᠦᠷᠢᠯᠡᠯ ᠬᠠᠩᠭᠠᠯᠭ᠎ᠠ ᠶᠢᠨ ᠦᠶ᠋ᠯᠡᠰ ᠤᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2 . 3 % ᠪᠠᠷ ᠨᠡᠮᠡᠭᠳᠡᠪᠡ︔ ᠲᠡᠮᠦᠷᠯᠢᠭ ᠤᠨ ᠠᠭᠤᠷᠬᠠᠶ ᠶᠢᠨ ᠬᠦᠳᠡᠷ ᠰᠢᠯᠢᠬᠦ ᠵᠢᠴᠢ ᠲᠡᠮᠦᠷᠯᠢᠭ ᠬᠠᠶᠢᠯᠤᠭᠤᠯᠬᠤ ᠦᠶ᠋ᠯᠡᠰ ᠤᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 41 . 7 % ᠪᠠᠷ ᠨᠡᠮᠡᠭᠳᠡᠪᠡ︔ ᠲᠣᠨᠣᠭᠯᠠᠯ ᠦᠶ᠋ᠯᠡᠳᠬᠦ ᠦᠶ᠋ᠯᠡᠰ ᠤᠨ ᠦᠶ᠋ᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 20 . 1 % ᠪᠠᠷ ᠨᠡᠮᠡᠭᠳᠡᠪᠡ᠃ ᠠᠵᠤ ᠠᠬᠤᠢᠯᠠᠯ ᠤᠨ ᠦᠷ᠎ᠡ ᠠᠰᠢᠭ ᠠᠴᠠ ᠦᠵᠡᠪᠡᠯ᠂ 18 ᠰᠠᠷ᠎ᠠ ᠳᠤ ᠪᠦᠬᠦ ᠠᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠢᠯᠠᠯ ᠤᠨ ᠡᠵᠡᠩᠨᠡᠯᠲᠡ ᠶᠢᠨ ᠣᠷᠣᠯᠭ᠎ᠠ 180963 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 51 . 9 % ᠨᠡᠮᠡᠭᠳᠡᠵᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠢ ᠲᠤᠭ᠎ᠠ 38079 ᠲᠦᠮᠡᠨ ᠲᠥᠭᠦᠷᠢᠭ ᠪᠠᠶ᠋ᠵᠤ᠂ ᠠᠳᠠᠯᠢ ᠬᠤᠭᠤᠴᠠᠭᠠᠨ ᠤ ᠬᠢ ᠠᠴᠠ 141 . 2 % ᠨᠡᠮᠡᠭᠳᠡᠵᠡᠢ     ᠭᠤᠷᠪᠠ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠵᠢᠱᠢᠯᠲᠡ ᠰᠠᠶᠢᠨ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠦᠶ᠋ᠯᠡᠴᠢᠯᠡᠭᠡᠨ ᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1 . 0 % ᠢᠶᠠᠷ ᠨᠡᠮᠡᠭᠳᠡᠪᠡ᠃ ᠡᠭᠦᠨ ᠳᠤ᠂ ᠪᠤᠰᠤᠳ ᠦᠶ᠋ᠯᠡᠴᠢᠯᠡᠭᠡᠨ ᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3 . 3 % ᠪᠠᠷ ᠨᠡᠮᠡᠭᠳᠡᠵᠦ᠂ ᠮᠥᠩᠭᠦᠨ ᠭᠦᠶ᠋ᠯᠭᠡᠭᠡᠨ ᠤ ᠦᠶ᠋ᠯᠡᠰ 6 . 8 % ᠪᠠᠷ ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠶ᠋ᠯᠡᠰ 4 . 7 % ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶ᠋ᠯᠡᠰ 1 . 8 % ᠪᠠᠷ ᠪᠠᠭᠤᠷᠠᠪᠠ᠃    ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 46967 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 5 % ᠪᠠᠷ ᠨᠡᠮᠡᠭᠳᠡᠪᠡ᠃ ᠪᠣᠷᠣᠯᠠᠭᠤᠯᠬᠤ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 40753 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 5 % ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 6214 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 0 % ᠪᠠᠷ ᠨᠡᠮᠡᠭᠳᠡᠪᠡ᠃ ᠠᠵᠢᠯ ᠲᠥᠷᠥᠯ ᠤᠨ ᠬᠤᠪᠢ ᠪᠠᠷ ᠬᠤᠪᠢᠶᠠᠪᠠᠯ᠄ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 40946 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0 . 7 % ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 6021 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 8 % ᠪᠠᠷ ᠨᠡᠮᠡᠭᠳᠡᠪᠡ᠃    ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠣᠨ ᠬᠤᠷᠳᠤᠴᠠ ᠤᠳᠠᠭᠠᠰᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14 . 3 % ᠪᠠᠷ ᠪᠠᠭᠤᠷᠠᠪᠠ᠃ 18 ᠳ᠋ᠤᠭᠠᠷ ᠰᠠᠷ᠎ᠠ ᠠᠴᠠ 35 . 5 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16 . 9 % ᠪᠠᠷ ᠪᠠᠭᠤᠷᠠᠵᠤ᠂ ᠦᠶ᠋ᠯᠡᠳᠬᠦ ᠦᠶ᠋ᠯᠡᠰ ᠤᠨ ᠪᠠᠯᠠ ᠣᠷᠣᠭᠤᠯᠤᠯᠲᠠ 81 . 1 % ᠪᠠᠷ ᠪᠠᠭᠤᠷᠠᠵᠤ᠂ ᠬᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 202 . 7 % ᠪᠠᠷ ᠨᠡᠮᠡᠭᠳᠡᠪᠡ᠃ ᠠᠵᠤ ᠦᠶ᠋ᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 232 . 7 % ᠪᠠᠷ ᠨᠡᠮᠡᠭᠳᠡᠵᠦ᠂ ᠬᠤᠶᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ 7 . 3 % ᠪᠠᠷ ᠪᠠᠭᠤᠷᠠᠵᠤ᠂ ᠭᠤᠷᠪᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ 33 . 3 % ᠪᠠᠷ ᠪᠠᠭᠤᠷᠠᠪᠠ᠃ ᠪᠥᠬᠦ ᠬᠤᠰᠢᠭᠤᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 10552 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 180 . 2 % ᠢᠶᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 3171 ᠲᠦᠮᠡᠨ ᠲᠥᠭᠦᠷᠢᠭ ᠲᠤ ᠬᠦᠷᠴᠦ᠂ 183 . 6 % ᠪᠠᠷ ᠨᠡᠮᠡᠭᠳᠡᠪᠡ᠃ ᠠᠷᠠᠳ ᠤᠨ ᠪᠡᠯᠡ ᠣᠷᠣᠭᠤᠯᠤᠯᠲᠠ 44 . 2 ᠪᠠᠷ ᠨᠡᠮᠡᠭᠳᠡᠪᠡ᠃    ᠶᠡᠷᠦᠩᠬᠡᠢ ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠣᠯᠪᠠᠴᠤ᠂ ᠠᠵᠤ ᠠᠬᠤᠢ ᠶᠢᠨ ᠰᠠᠭᠤᠷᠢ ᠬᠠᠷᠠᠬᠠᠨ ᠲᠣᠭᠲᠠᠪᠤᠷᠢ ᠦᠭᠡᠢ᠂ ᠪᠦᠲᠦᠮᠵᠢᠲᠡᠢ ᠬᠡᠷᠡᠭᠴᠡᠭᠡ ᠮᠥᠨ ᠬᠦᠷᠦᠯᠴᠡᠬᠦ ᠦᠭᠡᠢ᠂ ᠬᠡᠰᠡᠭ ᠠᠵᠤ ᠦᠢᠯᠡᠰ᠂ ᠠᠵᠢᠯ ᠲᠥᠷᠥᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠠᠷᠤᠯᠲᠠ ᠨᠡᠯᠢᠶᠡᠳ ᠶᠡᠭᠡ᠃ ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号