ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ︿ᠶᠢᠰᠦᠨ ᠵᠢᠵᠢᠭ ᠲᠠᠯᠠᠪᠤᠷ ᠭᠠᠵᠠᠷ﹀᠂ ᠣᠯᠠᠨ ᠡᠵᠡᠩᠨᠡᠯᠲᠡ ᠶᠢᠨ | ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠨ | ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ | ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ | | ᠡᠯ᠎ᠡ ᠰᠤᠮᠤ ᠪᠠᠯᠭᠠᠰᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠳᠤ᠄ | ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ | ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠤᠳᠤᠷᠢᠳᠬᠤ ᠨᠥᠬᠦᠳ ᠤᠨ | ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ | ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ︽ᠭᠠᠯ ᠤᠨᠲᠠᠷᠠᠭᠠᠬᠤ ᠠᠮᠤᠷ ᠲᠦᠪᠰᠢᠨ ᠤ | ᠠᠶᠤᠯ ᠲᠦᠭᠰᠢᠭᠦᠷᠢ ᠶᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠬᠦ ᠲᠤᠬᠠᠢ ᠮᠡᠳᠡᠭᠳᠡᠯ︾ ︵ᠰᠢ ᠠᠨ ᠵᠥᠪᠯᠡᠯ ᠠᠯᠪᠠᠨ ᠲᠠᠷᠬᠠᠭᠠᠭᠰᠠᠨ 〔2024〕 13 ᠳ᠋ᠤᠭᠠᠷ | ᠲᠣᠭᠠᠲᠤ︶᠂ ︽ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ | ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠪᠠᠴᠢᠮ ᠮᠡᠳᠡᠭᠳᠡᠯ︾ ︵ᠪᠠᠢ ᠠᠨ ᠵᠥᠪᠯᠡᠯ ᠲᠠᠷᠬᠠᠭᠠᠭᠰᠠᠨ | 〔2024〕 1 ᠳ᠋ᠦᠭᠡᠷ ᠲᠣᠭᠠᠲᠤ︶ ᠢ ᠦᠨᠳᠦᠰᠦᠯᠡᠪᠡᠯ᠂᠂ ︽ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ | ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠪᠠᠴᠢᠮ | ᠮᠡᠳᠡᠭᠳᠡᠯ︾ ︵ᠪᠠᠢ ᠠᠨ ᠵᠥᠪᠯᠡᠯ ᠲᠠᠷᠬᠠᠭᠠᠭᠰᠠᠨ 〔2024〕 1 ᠳ᠋ᠦᠭᠡᠷ ᠲᠣᠭᠠᠲᠤ︶ ᠢ ᠦᠨᠳᠦᠰᠦᠯᠡᠪᠡᠯ᠂ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ | ᠲᠣᠰ ᠡᠳᠦᠷ ᠠᠴᠠ ᠡᠬᠢᠯᠡᠨ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ︽ᠶᠢᠰᠦᠨ | ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ | ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ | ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠠᠭ | 2024 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠃ | ᠬᠤᠶᠠᠷ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ | ︵ᠨᠢᠭᠡ︶ ︽ᠶᠢᠰᠦᠨ ᠪᠠᠭ᠎ᠠ ᠭᠠᠵᠠᠷ︾᠃ ᠡᠭᠦᠨ ᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ᠂ ᠪᠠᠭ᠎ᠠ | ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ᠂ ᠪᠠᠭ᠎ᠠ ᠳᠡᠯᠭᠡᠭᠦᠷ᠂ ᠪᠠᠭ᠎ᠠ ᠢᠳᠡᠭᠡᠨ ᠤᠮᠳᠠᠭᠠᠨ᠂ ᠪᠠᠭ᠎ᠠ ᠪᠠᠭᠤᠳᠠᠯ᠂ | ᠪᠠᠭ᠎ᠠ ᠳᠠᠭᠤᠤ ᠪᠥᠵᠢᠭ ᠵᠤᠭ᠎ᠠ ᠴᠡᠩᠭᠡᠯ᠂ ᠪᠠᠭ᠎ᠠ ᠰᠦᠯᠵᠢᠶᠡᠨ ᠤ ᠪᠠᠭᠠᠷ᠂ ᠪᠠᠭ᠎ᠠ ᠵᠢᠰᠦ ᠭᠤᠶᠣᠯᠠᠬᠤ ᠤᠬᠢᠶᠠᠯᠭ᠎ᠠ᠂ | ᠪᠠᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ᠲᠠᠯᠠᠪᠤᠷ ᠪᠠᠭᠲᠠᠨ᠎ᠠ᠃ | ︵ᠬᠤᠶᠠᠷ︶ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ | ᠲᠠᠯᠠᠪᠤᠷ ᠭᠠᠵᠠᠷ᠃ ᠡᠭᠦᠨ ᠳᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠬᠤᠳᠠᠯᠳᠤᠭ᠎ᠠ᠂ | ᠬᠥᠮᠥᠷᠭᠡᠯᠡᠯᠲᠡ᠂ ᠰᠣᠶᠣᠯ᠂ ᠪᠡᠶ᠎ᠡ ᠶᠢᠨ ᠲᠠᠮᠢᠷ᠂ ᠪᠣᠯᠪᠠᠰᠤᠷᠠᠭᠤᠯᠤᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ | ᠪᠠᠶᠢᠳᠠᠯ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ | ᠨᠡᠶᠢᠲᠡ ᠪᠠᠷ ᠢᠶᠠᠨ ᠲᠦᠷᠢᠶᠡᠰᠦᠯᠡᠬᠦ ᠭᠡᠷ ᠪᠠᠶᠢᠰᠢᠩ᠂ ᠬᠠᠭᠤᠴᠢᠨ ᠬᠤᠳᠠᠯᠳᠤᠭᠠᠨ ᠤ ᠰᠠᠭᠤᠬᠤ ᠠᠰᠠᠷ᠂ ᠬᠤᠪᠢᠶᠠᠨ | ᠲᠦᠷᠢᠶᠡᠰᠦᠯᠡᠬᠦ᠂ ᠰᠢᠯᠵᠢᠭᠦᠯᠦᠨ ᠲᠦᠷᠢᠶᠡᠰᠦᠯᠡᠬᠦ ᠠᠴᠠ ᠪᠣᠯᠵᠤ ᠦᠢᠯᠡᠳᠪᠦᠷᠢᠯᠡᠬᠦ᠂ ᠬᠠᠳᠠᠭᠠᠯᠠᠬᠤ ᠣᠯᠠᠨ ᠵᠦᠢᠯ ᠤᠨ | ᠴᠢᠳᠠᠮᠵᠢ ᠲᠠᠢ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠲᠠᠯᠠᠪᠤᠷ ᠭᠠᠵᠠᠷ ᠪᠠᠭᠲᠠᠨ᠎ᠠ᠃ | ︵ᠭᠤᠷᠪᠠ︶ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ᠃ ᠡᠭᠦᠨ ᠳᠤ ᠵᠣᠴᠢᠳ ᠤᠨ | ᠪᠠᠭᠤᠳᠠᠯ ᠵᠣᠴᠢᠳ ᠤᠨ ᠪᠠᠭᠤᠳᠠᠯ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ᠂ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠡᠮᠨᠡᠯᠭᠡ ᠶᠢᠨ ᠬᠤᠷᠢᠶ᠎ᠠ᠂ ᠪᠠᠶᠢᠷᠢ ᠳᠤ ᠰᠠᠭᠤᠬᠤ ᠳᠦᠷᠢᠮᠲᠦ | ᠳᠤᠮᠳᠠᠳᠤ ᠪᠠᠭ᠎ᠠ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠵᠢᠭᠤᠯᠴᠢᠯᠠᠯ ᠤᠨ ᠲᠠᠯᠠᠪᠤᠷ ᠵᠡᠷᠭᠡ | ᠪᠠᠭᠲᠠᠨ᠎ᠠ᠃ | ᠭᠤᠷᠪᠠ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠭᠤᠯᠭ᠎ᠠ | ︵ᠨᠢᠭᠡ︶ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠠᠵᠢᠯ ᠬᠢᠬᠦ ᠪᠠ ᠦᠢᠯᠡᠳᠪᠦᠷᠢᠯᠡᠵᠦ ᠡᠵᠡᠩᠨᠡᠬᠦ | 1.ᠪᠠᠷᠢᠯᠭ᠎ᠠ ᠶᠢᠨ ᠠᠵᠢᠯ ᠢ ᠬᠢᠨᠠᠨ ᠵᠥᠪᠰᠢᠶᠡᠷᠡᠭᠦᠯᠦᠭᠰᠡᠨ ᠦᠭᠡᠢ᠂ ᠦᠨᠡᠮᠯᠡᠯ ᠦᠭᠡᠢ ᠪᠠᠷ ᠪᠠᠷᠢᠯᠭ᠎ᠠ ᠶᠢᠨ ᠠᠵᠢᠯ | ᠬᠢᠬᠦ᠂ ᠲᠣᠭᠲᠠᠭᠠᠯ ᠠᠴᠠ ᠵᠥᠷᠢᠴᠡᠨ ᠨᠤᠷᠠᠭᠠᠬᠤ ᠠᠵᠢᠯ ᠬᠢᠬᠦ᠂ ᠲᠣᠭᠲᠠᠭᠠᠯ ᠠᠴᠠ ᠵᠥᠷᠢᠴᠡᠨ ᠱᠠᠲᠤ ᠱᠠᠲᠤ ᠪᠠᠷ | ᠰᠢᠯᠵᠢᠭᠦᠯᠦᠨ ᠳᠠᠭᠠᠭᠠᠴᠢᠯᠠᠭᠤᠯᠵᠤ ᠪᠠᠷᠢᠯᠭ᠎ᠠ ᠶᠢᠨ ᠠᠵᠢᠯ ᠬᠢᠯᠭᠡᠬᠦ᠂ ᠠᠵᠢᠯ ᠤᠨᠠᠶᠤᠯ ᠦᠭᠡᠢ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠪᠠᠷ ᠭᠡᠨᠡᠨ ᠢᠶᠠᠷ ᠠᠵᠢᠯᠯᠠᠬᠤ᠃ | 2. ᠲᠣᠭᠲᠠᠭᠠᠯ ᠠᠴᠠ ᠵᠥᠷᠢᠴᠡᠨ ᠢᠯᠡ ᠭᠠᠯ ᠪᠤᠶᠤ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠠᠵᠢᠯ ᠢ | ᠬᠡᠷᠡᠭᠯᠡᠵᠦ᠂ ᠭᠠᠯ ᠬᠥᠳᠡᠯᠭᠡᠬᠦ᠂ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠠᠵᠢᠯ ᠬᠢᠵᠦ ᠪᠠᠶᠢᠭ᠎ᠠ ᠬᠥᠮᠥᠰ | ᠦᠨᠡᠮᠯᠡᠯ ᠢᠶᠠᠨ ᠠᠪᠴᠤ ᠠᠵᠢᠯ ᠤᠨ ᠪᠠᠶᠢᠷᠢ ᠳᠤ ᠭᠠᠷᠤᠭᠰᠠᠨ ᠦᠭᠡᠢ᠂ ᠴᠠᠬᠢᠯᠭᠠᠨ ᠢᠶᠠᠷ ᠭᠠᠩᠨᠠᠬᠤ᠂ ᠬᠡᠢ ᠪᠠᠷ | ᠭᠠᠩᠨᠠᠬᠤ ᠠᠵᠢᠯ ᠳᠤ ᠭᠠᠯ ᠨᠣᠴᠣᠭᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠭᠰᠡᠨ ᠦᠭᠡᠢ᠂ ᠠᠵᠢᠯᠯᠠᠬᠤ | ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠤᠭᠰᠠᠨ | ᠦᠭᠡᠢ᠃ | 3.ᠭᠠᠯ ᠨᠣᠴᠣᠭᠠᠵᠤ ᠠᠵᠢᠯᠯᠠᠭᠤᠯᠬᠤ ᠳᠤ ᠲᠤᠰᠬᠠᠢ ᠠᠵᠢᠯᠲᠠᠨ ᠲᠣᠬᠢᠷᠠᠭᠤᠯᠵᠤ ᠲᠤᠬᠠᠢ ᠶᠢᠨ ᠲᠠᠯᠠᠪᠤᠷ ᠤᠨ | ᠠᠶᠤᠯᠭᠦᠢ ᠶᠢᠨ ᠬᠠᠮᠢᠶᠠᠷᠤᠯᠲᠠ ᠬᠢᠯᠭᠡᠭᠰᠡᠨ ᠦᠭᠡᠢ᠃ | 4. ᠪᠠᠷᠢᠯᠭ᠎ᠠ ᠶᠢᠨ ᠲᠤᠬᠠᠢ ᠶᠢᠨ ᠭᠠᠵᠠᠷ ᠲᠤᠨᠢ ᠭᠠᠯ ᠨᠣᠴᠣᠭᠠᠵᠤ ᠭᠠᠩᠨᠠᠬᠤ᠂ ᠣᠴᠢ ᠠᠪᠴᠤ ᠠᠵᠢᠯᠯᠠᠬᠤ ᠪᠠ | ᠭᠠᠯ ᠤᠨ ᠠᠶᠤᠯ᠂ ᠳᠡᠯᠪᠡᠷᠡᠯᠲᠡ ᠶᠢᠨ ᠲᠦᠭᠰᠢᠭᠦᠷᠢ ᠲᠠᠢ ᠠᠵᠢᠯ ᠯᠤᠭ᠎ᠠ ᠰᠣᠯᠪᠢᠴᠠᠭᠤᠯᠤᠨ ᠶᠠᠪᠤᠭᠳᠠᠭᠤᠯᠬᠤ᠃ | 5. ᠬᠥᠮᠥᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ ᠭᠠᠵᠠᠷ ᠲᠤ ᠪᠠᠶᠢᠷᠢᠯᠠᠭᠤᠯᠤᠭᠰᠠᠨ ᠬᠦᠢᠲᠡᠨ | ᠬᠥᠮᠥᠷᠭᠡ ᠨᠢ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢ | ᠬᠡᠷᠡᠭᠯᠡᠵᠦ᠂ ᠬᠦᠢᠲᠡᠨ ᠬᠥᠮᠥᠷᠭᠡ ᠶᠢ ᠪᠦᠲᠦᠭᠡᠨ ᠪᠠᠶᠢᠭᠤᠯᠬᠤ᠂ ᠥᠭᠡᠷᠡᠴᠢᠯᠡᠬᠦ᠂ ᠨᠤᠷᠠᠭᠠᠬᠤ ᠠᠵᠢᠯ ᠤᠨ | ᠬᠤᠭᠤᠴᠠᠭᠠᠨ ᠳᠤ ᠭᠠᠯ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ | ᠨᠠᠶᠢᠳᠠᠪᠤᠷᠢᠵᠢᠭᠤᠯᠤᠭᠰᠠᠨ ᠦᠭᠡᠢ᠃ | ︵ᠬᠤᠶᠠᠷ︶ ᠠᠶᠤᠯᠭᠦᠢ ᠪᠠᠷ ᠲᠠᠷᠬᠠᠭᠠᠬᠤ ᠨᠥᠬᠦᠴᠡᠯ ᠬᠦᠷᠦᠯᠴᠡᠬᠦ ᠦᠭᠡᠢ | 1. ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠦᠭᠡᠢ ᠭᠠᠷᠬᠤ ᠡᠭᠦᠳᠡ ᠪᠣᠯᠣᠨ ᠭᠠᠯ ᠤᠨᠲᠠᠷᠠᠭᠠᠬᠤ | ᠲᠡᠷᠭᠡ ᠶᠢᠨ ᠨᠡᠪᠳᠡᠷᠡᠯ ᠵᠠᠮ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ᠃ | 2. ᠠᠶᠤᠯ ᠦᠭᠡᠢ ᠭᠠᠷᠬᠤ ᠡᠭᠦᠳᠡ ᠪᠣᠯᠣᠨ ᠲᠠᠷᠬᠠᠭᠠᠬᠤ ᠠᠰᠠᠷ ᠤᠨ ᠱᠠᠲᠤᠨ ᠤ ᠲᠤᠭ᠎ᠠ ᠬᠡᠮᠵᠢᠶ᠎ᠡ ᠨᠢ | ᠬᠦᠷᠦᠯᠴᠡᠬᠦ ᠦᠭᠡᠢ᠂ ᠥᠷᠭᠡᠨ ᠤ ᠬᠡᠮᠵᠢᠶ᠎ᠡ ᠨᠢ ᠬᠦᠷᠦᠯᠴᠡᠬᠦ ᠦᠭᠡᠢ᠃ | 3.ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ | ᠲᠠᠷᠬᠠᠭᠠᠬᠤ ᠵᠢᠭᠠᠯᠲᠠ ᠲᠡᠮᠳᠡᠭ ᠡᠪᠳᠡᠷᠡᠭᠰᠡᠨ᠃ | 4. ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ | ᠲᠠᠷᠬᠠᠭᠠᠨ ᠶᠠᠪᠤᠭᠤᠯᠬᠤ ᠪᠡᠯᠡᠳᠬᠡᠯ ᠲᠥᠰᠥᠯ ᠲᠣᠭᠲᠠᠭᠠᠭᠰᠠᠨ ᠦᠭᠡᠢ᠂ ᠠᠵᠢᠯᠲᠠᠨ᠂ ᠬᠤᠨᠤᠭ ᠤᠨ ᠬᠠᠮᠢᠶᠠᠷᠤᠭᠴᠢ ᠨᠠᠷ | ᠠᠩᠬ᠎ᠠ ᠡᠭᠦᠰᠦᠭᠰᠡᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠠ ᠲᠠᠷᠬᠠᠭᠠᠨ ᠵᠠᠶᠢᠯᠠᠭᠤᠯᠬᠤ ᠶᠢ ᠵᠣᠬᠢᠶᠠᠨ | ᠪᠠᠶᠢᠭᠤᠯᠬᠤ ᠮᠡᠷᠭᠡᠵᠢᠯ ᠤᠨ ᠴᠢᠳᠠᠪᠤᠷᠢ ᠶᠢ ᠡᠵᠡᠮᠰᠢᠭᠰᠡᠨ ᠦᠭᠡᠢ᠃ | 5. ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠨᠢ ᠬᠠᠷᠢᠭᠤᠴᠠᠯᠭᠠᠲᠠᠨ ᠢ ᠲᠣᠭᠲᠠᠭᠠᠵᠤ ᠬᠠᠮᠲᠤ ᠪᠠᠷ ᠬᠡᠷᠡᠭᠯᠡᠬᠦ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ | ᠡᠭᠦᠳᠡ ᠳᠤ ᠨᠢᠭᠡᠳᠦᠯᠲᠡᠢ ᠬᠠᠮᠢᠶᠠᠷᠤᠯᠲᠠ ᠬᠢᠯᠭᠡᠬᠦ ᠪᠠᠷ ᠲᠣᠭᠲᠠᠭᠠᠭᠰᠠᠨ ᠦᠭᠡᠢ᠃ | ︵ᠭᠤᠷᠪᠠ︶ ᠬᠤᠯᠠᠭᠠᠢ ᠶᠢ ᠰᠡᠷᠭᠡᠶᠢᠯᠡᠬᠦ ᠲᠣᠣᠷ ᠪᠠ ᠵᠠᠷ ᠤᠨ ᠫᠠᠶᠢᠰᠠ ᠪᠠᠶᠢᠷᠢᠯᠠᠭᠤᠯᠬᠤ ᠶᠢ ᠵᠢᠷᠤᠮᠵᠢᠭᠤᠯᠤᠨ᠎ᠠ | 1.ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ ᠤᠨ ᠡᠭᠦᠳᠡ ᠴᠣᠩᠬᠤᠨ ᠳᠡᠭᠡᠷ᠎ᠡ ᠠᠮᠢ ᠵᠢᠭᠤᠲᠠᠬᠤ ᠪᠠ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠤᠯᠠᠭᠠᠢ ᠶᠢ ᠰᠡᠷᠭᠡᠶᠢᠯᠡᠬᠦ ᠲᠣᠣᠷ᠂ ᠲᠡᠮᠦᠷ ᠬᠡᠷᠡᠰᠬᠡ᠂ ᠵᠠᠷ | ᠤᠨ ᠫᠠᠶᠢᠰᠠ ᠵᠡᠷᠭᠡ ᠰᠠᠭᠠᠳ ᠲᠣᠳᠬᠠᠷ ᠪᠠᠶᠢᠷᠢᠯᠠᠭᠤᠯᠬᠤ ᠬᠡᠷᠡᠭᠲᠡᠢ᠃ | 2. ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠡᠷ ᠤᠨ ᠭᠠᠳᠠᠨᠠᠬᠢ ᠵᠠᠷ ᠤᠨ ᠫᠠᠶᠢᠰᠠ ᠶᠢ ᠬᠢᠨᠠᠨ | ᠵᠥᠪᠰᠢᠶᠡᠷᠡᠬᠦ ᠳᠡᠭᠡᠨ ᠪᠠᠷᠢᠯᠭ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠡᠰᠡᠬᠦ ᠶᠢ ᠬᠠᠤᠯᠢ | ᠲᠣᠭᠲᠠᠭᠠᠯ ᠶᠣᠰᠣᠭᠠᠷ ᠬᠠᠷᠭᠤᠭᠤᠯᠤᠭᠰᠠᠨ ᠦᠭᠡᠢ᠃ | ︵ᠳᠥᠷᠪᠡ︶ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠯᠡᠭᠰᠡᠨ ᠥᠢᠯᠡ ᠠᠵᠢᠯᠯᠠᠭ᠎ᠠ | 1.ᠳᠤᠷ᠎ᠠ ᠪᠠᠷ ᠢᠶᠠᠨ ᠵᠠᠯᠭᠠᠭᠰᠠᠨ ᠴᠠᠬᠢᠯᠭᠠᠨ ᠤᠲᠠᠰᠤ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠭᠰᠠᠨ | ᠪᠠ ᠬᠡᠷᠡᠭᠯᠡᠭᠰᠡᠨ ᠨᠢ ᠪᠠᠷᠢᠮᠵᠢᠶ᠎ᠠ ᠳᠤ ᠨᠡᠶᠢᠴᠡᠬᠦ ᠤᠶᠢᠭᠡᠢ ᠪᠠᠶᠢᠬᠤ᠃ | 2.ᠬᠡᠷᠡᠭᠯᠡᠭᠡᠨ ᠤ ᠶᠠᠰᠤ ᠴᠢᠨᠠᠷ ᠨᠢ ᠬᠢᠷᠢ ᠲᠡᠩᠴᠡᠬᠦ ᠤᠶᠢᠭᠡᠢ (ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ | ᠤᠶᠢᠭᠡᠢ) ᠪᠤᠶᠤ ᠬᠠᠭᠤᠴᠢᠷᠠᠭᠰᠠᠨ᠂ ᠡᠪᠳᠡᠷᠡᠵᠦ ᠰᠦᠢᠳᠦᠭᠰᠡᠨ ᠴᠠᠬᠢᠯᠭᠠᠨ ᠬᠡᠷᠡᠭᠰᠡᠯ ᠤᠨ ᠦᠢᠯᠡᠳᠬᠦᠨ᠃ | 3.ᠴᠠᠬᠢᠯᠭᠠᠨ ᠤ ᠬᠡᠯᠬᠢᠶ᠎ᠡ᠂ ᠴᠠᠬᠢᠯᠭᠠᠨ ᠬᠡᠷᠡᠭᠰᠡᠯ ᠤᠨ ᠦᠢᠯᠡᠳᠬᠦᠨ ᠨᠢ ᠰᠢᠲᠠᠮᠠᠬᠠᠢ ᠪᠣᠳᠠᠰ ᠲᠠᠢ ᠠᠶᠤᠯ ᠦᠭᠡᠢ | ᠵᠠᠢ ᠲᠠᠢ ᠪᠠᠶᠢᠬᠤ ᠶᠢ ᠦᠯᠦ ᠪᠠᠲᠤᠯᠠᠭᠰᠠᠨ᠃ | 4.ᠭᠠᠯ ᠤᠨ ᠭᠠᠮᠰᠢᠭ᠂ ᠳᠡᠯᠪᠡᠷᠡᠬᠦ ᠠᠶᠤᠯ ᠲᠠᠢ ᠭᠠᠵᠠᠷ ᠲᠠᠯᠠᠪᠤᠷ ᠲᠤ ᠲᠣᠭᠲᠠᠭᠠᠯ ᠠᠴᠠ ᠵᠥᠷᠢᠴᠡᠨ ᠴᠠᠬᠢᠯᠭᠠᠨ | ᠳᠡᠪᠢᠰᠦᠭᠰᠡᠨ᠂ ᠬᠡᠷᠡᠭᠯᠡᠭᠰᠡᠨ ᠪᠤᠶᠤ ᠳᠡᠯᠪᠡᠷᠡᠬᠦ ᠣᠷᠴᠢᠨ ᠲᠣᠭᠤᠷᠢᠨ ᠯᠤᠭ᠎ᠠ ᠨᠡᠶᠢᠴᠡᠬᠦ ᠦᠭᠡᠢ ᠴᠠᠬᠢᠯᠭᠠᠨ ᠤ | ᠦᠢᠯᠡᠳᠬᠦᠨ ᠢ ᠬᠡᠷᠡᠭᠯᠡᠭᠰᠡᠨ᠃ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ︽ᠶᠢᠰᠦᠨ ᠵᠢᠵᠢᠭ ᠲᠠᠯᠠᠪᠤᠷ | ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ᠂ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ | ᠬᠡᠮ ᠤᠨ ᠣᠨᠴᠠᠯᠢᠭ ᠲᠠᠢ ᠤᠶᠠᠯᠳᠤᠭᠤᠯᠤᠨ᠂ ᠴᠡᠭᠴᠡᠯᠡᠨ ᠵᠠᠰᠠᠬᠤ ᠭᠤᠣᠯᠳᠠᠯᠭ᠎ᠠ ᠪᠠᠨ ᠤᠯᠠᠮ ᠨᠢᠭᠡ ᠠᠯᠬᠤᠮ | ᠨᠠᠷᠢᠯᠢᠭᠵᠢᠭᠤᠯᠵᠤ ᠪᠣᠯᠣᠨ᠎ᠠ᠂ ᠵᠢᠱᠢᠶᠡᠯᠡᠪᠡᠯ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠨᠢ ᠲᠣᠭᠲᠠᠭᠠᠯ ᠠᠴᠠ | ᠵᠥᠷᠢᠴᠡᠨ ᠨᠣᠴᠣᠮᠠᠲᠠᠭᠠᠢ ᠰᠢᠲᠠᠮᠠᠬᠠᠢ ᠭᠤᠣᠯ ᠬᠠᠪᠴᠢᠭᠤᠷ ᠤᠨ ᠪᠣᠯᠣᠳ ᠬᠠᠪᠲᠠᠰᠤ ᠶᠢᠨ ᠮᠠᠲ᠋ᠧᠷᠢᠶᠠᠯ ᠢ ᠬᠡᠷᠡᠭᠯᠡᠭᠰᠡᠨ | ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠨᠢ ᠡᠪᠳᠡᠷᠡᠵᠦ ᠬᠡᠷᠡᠭᠯᠡᠬᠦ ᠪᠠᠨ ᠵᠣᠭᠰᠣᠭᠰᠠᠨ ᠵᠡᠷᠭᠡ ᠳᠠᠯᠳᠠ | ᠬᠡᠮ ᠤᠨ ᠠᠰᠠᠭᠤᠳᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠴᠡᠭᠴᠡᠯᠡᠨ ᠵᠠᠰᠠᠬᠤ ᠭᠤᠣᠯᠳᠠᠯᠭ᠎ᠠ ᠪᠠᠨ ᠤᠯᠠᠮ | ᠨᠢᠭᠡ ᠠᠯᠬᠤᠮ ᠨᠠᠷᠢᠯᠢᠭᠵᠢᠭᠤᠯᠵᠤ ᠪᠣᠯᠣᠨ᠎ᠠ᠃ | ︵ᠲᠠᠪᠤ︶ ᠪᠠᠷᠢᠯᠭ᠎ᠠ ᠶᠢᠨ ᠭᠠᠯ ᠤᠨᠲᠠᠷᠠᠭᠠᠬᠤ ᠲᠥᠬᠦᠭᠡᠷᠦᠮᠵᠢ ᠡᠪᠳᠡᠷᠡᠵᠦ ᠰᠦᠢᠳᠦᠭᠡᠳ ᠬᠡᠷᠡᠭᠯᠡᠬᠦ ᠪᠠᠨ ᠵᠣᠭᠰᠣᠪᠠ | 1.ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠬᠡᠷᠡᠭᠯᠡᠬᠦ ᠪᠠᠨ ᠵᠣᠭᠰᠣᠵᠤ᠂ ᠲᠠᠮᠪᠠᠷᠠᠭᠰᠠᠨ᠃ | 2. ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠪᠠᠶᠢᠴᠠᠭᠠᠨ ᠰᠢᠯᠭᠠᠭᠰᠠᠨ ᠲᠡᠮᠳᠡᠭᠯᠡᠯ ᠳᠠᠬᠢ | ᠪᠡᠯᠡᠳᠬᠡᠮᠵᠢ ᠶᠢᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ᠃ | ᠳᠥᠷᠪᠡ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠯᠬᠤᠮ ᠳᠠᠷᠠᠭ᠎ᠠ | ︵ᠨᠢᠭᠡ︶ ᠳᠠᠶᠢᠴᠢᠯᠠᠯᠲᠠ ᠶᠢᠨ ᠪᠠᠶᠢᠷᠢᠯᠠᠭᠤᠯᠤᠯᠲᠠ ︵2024 ᠣᠨ ᠤ 1 ᠳ᠋ᠦᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠣᠰ ᠠᠵᠢᠯ ᠲᠥᠷᠥᠯ ᠤᠨ ᠢᠶᠠᠨ ᠡᠪᠡᠳᠴᠢᠨ ᠡᠮᠭᠡᠭ ᠢ ᠠᠷᠢᠯᠭᠠᠬᠤ | ᠰᠢᠪᠲᠤᠯᠤᠯᠲᠠ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ᠢ ᠨᠠᠷᠢᠯᠢᠭᠵᠢᠭᠤᠯᠵᠤ᠂ ᠴᠡᠭᠴᠡᠯᠡᠨ | ᠵᠠᠰᠠᠬᠤ ᠬᠦᠷᠢᠶ᠎ᠡ ᠬᠡᠪᠴᠢᠶ᠎ᠡ ᠪᠠ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠣᠷᠬᠠᠶᠢᠯᠠᠨ᠂ ᠡᠭᠦᠷᠭᠡ ᠶᠢᠨ | ᠬᠤᠪᠢᠶᠠᠷᠢᠯᠠᠯ ᠪᠠ ᠠᠵᠢᠯ ᠤᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠲᠤᠰᠬᠠᠢ ᠰᠡᠳᠦᠪᠲᠦ ᠪᠠᠶᠢᠷᠢᠯᠠᠭᠤᠯᠤᠯᠲᠠ | ᠬᠢᠵᠦ ᠳᠠᠶᠢᠴᠢᠯᠠᠬᠤ ᠬᠡᠷᠡᠭᠲᠡᠢ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠶᠡᠬᠡᠪᠡᠷ ᠴᠡᠭᠴᠡᠯᠡᠨ ᠵᠠᠰᠠᠬᠤ | ᠠᠯᠪᠠᠨ ᠵᠠᠷ ᠢ ᠨᠡᠶᠢᠭᠡᠮ ᠲᠤ᠋ᠥᠷᠭᠡᠨ ᠢᠶᠠᠷ ᠨᠡᠶᠢᠲᠡᠯᠡᠵᠦ᠂ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ | ᠰᠢᠪᠲᠤᠯᠬᠤ ᠬᠦᠴᠦᠷᠬᠡᠭ ᠶᠡᠭᠡ ᠰᠦᠷ ᠳᠠᠯᠠᠶᠢᠴᠠ ᠶᠢ ᠪᠤᠢ ᠪᠣᠯᠭᠠᠬᠤ ᠬᠡᠷᠡᠭᠲᠡᠢ᠃ | ︵ᠬᠤᠶᠠᠷ︶ ᠪᠡᠷᠬᠡ ᠰᠡᠳᠦᠪ ᠢ ᠠᠷᠢᠯᠭᠠᠬᠤ ︵2024 ᠣᠨ ᠤ 3 ᠰᠠᠷ᠎ᠠ ᠶᠢᠨ ᠳᠤᠮᠳᠠᠴᠢ ᠠᠴᠠ ᠡᠮᠦᠨ᠎ᠡ︶᠃ | ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ | ᠢᠯᠡᠴᠢᠯᠡᠬᠦ᠂ ᠶᠡᠬᠡᠪᠡᠷ ᠰᠣᠷᠢᠯᠲᠠ ᠬᠢᠬᠦ᠂ ᠶᠡᠭᠡ ᠶᠠᠷᠢᠯᠴᠠᠭ᠎ᠠ ᠬᠢᠬᠦ᠂ ᠶᠡᠬᠡᠪᠡᠷ ᠬᠢᠨᠠᠨ ᠵᠢᠯᠤᠭᠤᠳᠬᠤ ᠠᠵᠢᠯᠯᠠᠭ᠎ᠠ ᠶᠢ | ᠲᠥᠪᠯᠡᠷᠡᠭᠦᠯᠦᠨ ᠥᠷᠨᠢᠭᠦᠯᠵᠦ᠂ ︽ᠶᠢᠰᠦᠨ ᠪᠠᠭ᠎ᠠ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ | ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠣᠯᠠᠨ ᠴᠤᠭᠯᠠᠷᠠᠬᠤ | ᠲᠠᠯᠠᠪᠤᠷ ᠭᠠᠵᠠᠷ ᠤᠨ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠶᠡᠬᠡᠪᠡᠷ | ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠰᠢᠯᠭᠠᠨ ᠬᠤᠷᠢᠶᠠᠵᠤ ᠦᠨᠡᠯᠡᠨ ᠵᠢᠱᠢᠬᠦ ︵2024 ᠣᠨ ᠤ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ ᠨᠢ ᠲᠥᠰᠥᠯ ᠤᠨ ᠱᠠᠭᠠᠷᠳᠠᠯᠭ᠎ᠠ ᠲᠠᠢ ᠤᠶᠠᠯᠳᠤᠭᠤᠯᠤᠨ | ᠰᠢᠯᠭᠠᠨ ᠬᠤᠷᠢᠶᠠᠵᠤ ᠦᠨᠡᠯᠡᠨ ᠵᠢᠱᠢᠬᠦ ᠶᠢ ᠥᠷᠨᠢᠭᠦᠯᠵᠦ᠂ ᠦᠷ᠎ᠡ ᠪᠦᠲᠦᠮᠵᠢ ᠪᠠᠨ ᠳ᠋ᠦᠩᠨᠡᠨ᠂ ᠠᠰᠠᠭᠤᠳᠠᠯ ᠢᠶᠠᠨ | ᠮᠡᠳᠡᠭᠳᠡᠵᠦ᠂ ᠠᠵᠢᠯ ᠥᠷᠨᠢᠭᠦᠯᠦᠭᠰᠡᠨ ᠪᠠᠶᠢᠳᠠᠯ ᠢ ᠡᠯ᠎ᠡ ᠳᠤᠭᠤᠶᠢᠯᠠᠩ ᠠᠴᠠ ᠬᠤᠷᠢᠶᠠᠩᠭᠤᠶᠢᠯᠠᠬᠤ ᠶᠢᠨ ᠬᠠᠮᠲᠤ | ᠡᠯ᠎ᠡ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠪᠠᠷ ᠭᠠᠷ ᠤᠨ ᠥᠰᠥᠭ ᠵᠢᠷᠤᠭᠤᠯᠵᠤ᠂ ᠳᠡᠭᠡᠭᠰᠢ ᠬᠤᠰᠢᠭᠤᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠡᠬᠡ | ᠲᠠᠩᠰᠠ ᠪᠠᠶᠢᠭᠤᠯᠵᠤ ᠪᠠᠶᠢᠴᠠᠭᠠᠬᠤ ᠳᠤ ᠪᠡᠯᠡᠳᠬᠡᠨ᠎ᠡ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ | ᠭᠤᠣᠯᠳᠠᠯᠭ᠎ᠠ ᠲᠠᠢ ᠰᠢᠮᠳᠠᠭᠤᠯᠤᠨ ᠰᠢᠢᠳᠪᠦᠷᠢᠯᠡᠭᠦᠯᠵᠦ᠂ ᠡᠪᠡᠳᠴᠢᠨ ᠡᠮᠭᠡᠭ ᠢ ᠠᠷᠢᠯᠭᠠᠬᠤ ᠪᠣᠭᠤᠮᠲᠠ | ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠭᠢᠵᠤ ᠵᠣᠬᠢᠶᠠᠨ ᠪᠠᠶᠢᠭᠤᠯᠤᠨ ᠥᠷᠨᠢᠭᠦᠯᠬᠦ ᠶᠢ | ᠳᠠᠭᠠᠭᠠᠯᠭᠠᠬᠤ ᠬᠡᠷᠡᠭᠲᠡᠢ᠃ | ᠲᠠᠪᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠷᠭ᠎ᠠ ᠮᠠᠶ᠋ᠢᠭ | ᠰᠠᠯᠠᠭ᠎ᠠ ᠮᠥᠴᠢᠷ ᠬᠠᠮᠲᠤᠷᠠᠨ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠠᠴᠠ ᠡᠯ᠎ᠡ ᠪᠦᠷᠢᠯᠳᠦᠭᠦᠨ ᠨᠢᠭᠡᠴᠡ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ 5 | ᠠᠵᠢᠯᠯᠠᠬᠤ ᠳᠤᠭᠤᠶᠢᠯᠠᠩ ᠪᠠᠶᠢᠭᠤᠯᠵᠤ᠂ ᠮᠠᠨ ᠤ ᠬᠤᠰᠢᠭᠤᠨ ᠤ ︽ᠶᠢᠰᠦᠨ ᠪᠠᠭ᠎ᠠ ᠲᠠᠯᠠᠪᠤᠷ︾᠂ ᠣᠯᠠᠨ | ᠡᠵᠡᠩᠨᠡᠯᠲᠡ ᠶᠢᠨ ᠬᠡᠯᠪᠡᠷᠢ ᠶᠢᠨ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠥᠨ ᠬᠠᠷ᠎ᠠ ᠬᠤᠷᠠᠨ | ᠴᠤᠭᠯᠠᠷᠠᠭᠰᠠᠨ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠯᠡᠬᠦ ᠥᠨᠳᠥᠷᠴᠡ ᠳᠡᠭᠡᠷ᠎ᠡ ᠵᠣᠭᠰᠣᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠯᠲᠠ ᠶᠢᠨ | ᠠᠵᠢᠯᠯᠠᠭ᠎ᠠ ᠶᠢ ᠣᠳᠣᠬᠠᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠡᠭᠡ ᠲᠠᠯ᠎ᠠ ᠤᠯᠤᠰ ᠲᠥᠷᠥ ᠶᠢᠨ ᠡᠭᠦᠷᠭᠡ | ᠪᠣᠯᠭᠠᠨ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠢᠯᠣᠭᠤᠳᠤᠨ | ᠲᠣᠬᠢᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ︾ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠶᠡᠬᠡᠪᠡᠷ | ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠨ᠂ ᠡᠯ᠎ᠡ ᠲᠥᠷᠥᠯ ᠤᠨ | ᠭᠠᠯ ᠤᠨ ᠭᠠᠮᠰᠢᠭ ᠤᠨ ᠠᠳᠡᠯ ᠣᠯᠠᠨ ᠭᠠᠷᠬᠤ ᠪᠠ ᠵᠠᠯᠭᠠᠯᠳᠤᠨ ᠭᠠᠷᠬᠤ ᠬᠠᠨᠳᠤᠰᠢ ᠶᠢ ᠡᠷᠡᠰ ᠬᠤᠷᠢᠭᠯᠠᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠣᠨ ᠨᠢᠭᠡᠴᠡ ᠶᠢᠨ ᠬᠢᠨ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ | ᠴᠡᠭᠴᠡᠯᠡᠨ ᠵᠠᠰᠠᠬᠤ ᠠᠵᠢᠯᠯᠠᠭ᠎ᠠ ᠶᠢ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠴᠠᠭᠠᠨ ᠰᠠᠷ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠠᠵᠢᠯ᠂ ᠪᠦᠬᠦ ᠤᠯᠤᠰ ᠤᠨ ᠬᠤᠶᠠᠷ ᠬᠤᠷᠠᠯ ᠤᠨ ᠠᠮᠤᠷ ᠢ ᠬᠠᠮᠠᠭᠠᠯᠠᠬᠤ ᠠᠵᠢᠯ ᠵᠡᠷᠭᠡ ᠭᠤᠣᠯᠳᠠᠯᠭ᠎ᠠ ᠲᠠᠢ ᠡᠭᠦᠷᠭᠡ | ᠯᠦᠭᠡ ᠪᠦᠲᠦᠮᠵᠢᠲᠡᠢ ᠤᠶᠠᠯᠳᠤᠭᠤᠯᠵᠤ᠂ ᠵᠡᠷᠭᠡᠪᠡᠷ ᠠᠬᠢᠭᠤᠯᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ᠂ | ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠵᠤ᠂ | ᠠᠮᠤᠷ ᠲᠦᠪᠰᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠦᠨᠡᠯᠡᠨ ᠵᠢᠱᠢᠬᠦ ᠶᠢ ᠳᠠᠷᠤᠶᠢᠬᠠᠨ ᠵᠣᠬᠢᠶᠠᠨ ᠪᠠᠶᠢᠭᠤᠯᠤᠨ | ᠥᠷᠨᠢᠭᠦᠯᠵᠦ᠂ ᠳᠠᠯᠳᠠ ᠬᠡᠮ ᠤᠨ ᠠᠰᠠᠭᠤᠳᠠᠯ ᠲᠥᠪᠯᠡᠷᠡᠭᠰᠡᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠡᠷᠭᠡᠭ | ᠲᠠᠯᠠᠪᠤᠷ ᠭᠠᠵᠠᠷ᠂ ᠪᠠᠭᠤᠷᠠᠢ ᠭᠤᠭᠴᠤᠭ᠎ᠠ ᠶᠢ ᠣᠨᠣᠪᠴᠢᠲᠠᠶ ᠡᠷᠢᠨ ᠣᠯᠵᠤ᠂ ᠨᠠᠷᠢᠯᠢᠭ ᠣᠨᠣᠴᠠᠲᠠᠢ ᠬᠦᠴᠦᠲᠡᠢ | ᠠᠷᠭ᠎ᠠ ᠬᠡᠮᠵᠢᠶ᠎ᠡ ᠠᠪᠴᠤ ᠪᠠᠶᠢᠭᠠᠳ ᠪᠡᠷᠬᠡ ᠰᠡᠳᠦᠪ ᠢ ᠬᠦᠴᠦᠲᠡᠢ ᠰᠢᠢᠳᠪᠦᠷᠢᠯᠡᠵᠦ᠂ ᠲᠣᠰ ᠭᠠᠵᠠᠷ ᠣᠷᠣᠨ᠂ ᠲᠣᠰ | ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ | ᠪᠠᠶᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ︵ᠭᠤᠷᠪᠠ︶ ᠬᠢᠨᠠᠯᠲᠠ ᠲᠠᠯᠪᠢᠵᠤ ᠦᠷ᠎ᠡ ᠪᠦᠲᠦᠮᠵᠢ ᠠᠰᠠᠭᠤᠬᠤ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠡᠪᠡᠳᠴᠢᠨ ᠡᠮᠭᠡᠭ ᠢ ᠠᠷᠢᠯᠭᠠᠬᠤ ᠰᠢᠪᠲᠤᠯᠤᠯᠲᠠ ᠶᠢᠨ ᠶᠡᠬᠡᠪᠡᠷ ᠴᠡᠭᠴᠡᠯᠡᠨ ᠵᠠᠰᠠᠬᠤ | ᠠᠵᠢᠯᠯᠠᠭ᠎ᠠ ᠶᠢ ᠡᠳᠦᠷ ᠲᠤᠲᠤᠮ ᠤᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠠᠭᠤᠯᠭ᠎ᠠ ᠳᠠᠭᠠᠨ ᠣᠷᠣᠭᠤᠯᠵᠤ᠂ | ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠬᠠᠤᠯᠢ ᠶᠢ | ᠵᠥᠷᠢᠴᠡᠭᠰᠡᠨ ᠠᠵᠢᠯᠯᠠᠭ᠎ᠠ ᠲᠠᠢ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ; ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ ᠬᠥᠳᠡᠯᠵᠦ ᠪᠠᠷᠢᠬᠤ ᠨᠢ ᠤᠳᠠᠭᠠᠨ᠂ ᠠᠵᠢᠯ ᠳᠠᠭᠠᠨ ᠬᠠᠰᠢ ᠶᠠᠰᠢ ᠪᠠᠶᠢᠬᠤ ᠶᠢ ᠣᠯᠵᠤ | ᠮᠡᠳᠡᠪᠡᠯ᠂ ᠠᠰᠠᠭᠤᠳᠠᠯ ᠢ ᠪᠠᠶᠢᠴᠠᠭᠠᠨ ᠭᠠᠷᠭᠠᠵᠤ ᠳᠡᠶᠢᠯᠬᠦ ᠦᠭᠡᠢ᠂ ᠠᠰᠠᠭᠤᠳᠠᠯ ᠢ ᠣᠯᠵᠤ ᠮᠡᠳᠡᠭᠡᠳ ᠰᠢᠢᠳᠪᠦᠷᠢᠯᠡᠬᠦ | ᠦᠭᠡᠢ ᠪᠠᠶᠢᠪᠠᠯ᠂ ᠵᠠᠷᠯᠠᠨ ᠰᠢᠭᠦᠮᠵᠢᠯᠡᠵᠦ᠂ ᠰᠢᠪᠠᠳᠠᠨ ᠰᠢᠢᠳᠪᠦᠷᠢᠯᠡᠭᠦᠯᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ | ᠠᠰᠠᠭᠤᠳᠠᠯ ᠬᠦᠨᠳᠦ ᠨᠣᠴᠢᠲᠠᠢ ᠪᠠᠶᠢᠪᠠᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ ᠭᠠᠮᠰᠢᠭ ᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ | ᠠᠵᠢᠯᠯᠠᠭ᠎ᠠ ᠶᠢᠨ ᠬᠤᠭᠤᠴᠠᠭᠠᠨ ᠳᠤ᠂ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠭᠠᠮᠰᠢᠭ ᠤᠨ ᠠᠳᠡᠯ ᠭᠠᠷᠤᠭᠰᠠᠨ | ᠪᠠᠶᠢᠪᠠᠯ᠂ ᠲᠠᠰ ᠳᠠᠷᠠᠭᠠᠯᠠᠯ ᠶᠣᠰᠣᠭᠠᠷ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠡᠬᠢᠯᠡᠭᠦᠯᠵᠦ᠂ | ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠶᠤᠯ ᠠᠴᠠ ᠰᠡᠷᠭᠡᠶᠢᠯᠡᠬᠦ ᠠᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠡᠭᠡ ᠵᠠᠰᠠᠯᠲᠠ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠰᠢᠭᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯᠡᠴᠡ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠴᠠᠭ ᠲᠤᠨᠢ | ᠲᠣᠬᠢᠷᠠᠭᠤᠯᠤᠨ ᠮᠡᠳᠡᠭᠡᠯᠡᠨ᠎ᠡ᠃ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ | 2024 ᠣᠨ ᠤ 2 ᠰᠠᠷ᠎ᠠ ᠶᠢᠨ 4 | | |