ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ︿ᠶᠢᠰᠦᠨ ᠵᠢᠵᠢᠭ ᠲᠠᠯᠠᠪᠤᠷ ᠭᠠᠵᠠᠷ﹀᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/27
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ︿ᠶᠢᠰᠦᠨ ᠵᠢᠵᠢᠭ ᠲᠠᠯᠠᠪᠤᠷ ᠭᠠᠵᠠᠷ﹀᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠡᠯ᠎ᠡ ᠰᠤᠮᠤ ᠪᠠᠯᠭᠠᠰᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠳᠤ᠄    ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ︽ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠰᠢ ᠠᠨ ᠵᠥᠪᠯᠡᠯ ᠠᠯᠪᠠᠨ ᠲᠠᠷᠬᠠᠭᠠᠭᠰᠠᠨ 〔2024〕 13 ᠳ᠋ᠤᠭᠠᠷ ᠲᠣᠭᠠᠲᠤ︶᠂ ︽ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠪᠠᠴᠢᠮ ᠮᠡᠳᠡᠭᠳᠡᠯ︾ ︵ᠪᠠᠢ ᠠᠨ ᠵᠥᠪᠯᠡᠯ ᠲᠠᠷᠬᠠᠭᠠᠭᠰᠠᠨ 〔2024〕 1 ᠳ᠋ᠦᠭᠡᠷ ᠲᠣᠭᠠᠲᠤ︶ ᠢ ᠦᠨᠳᠦᠰᠦᠯᠡᠪᠡᠯ᠂᠂ ︽ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠪᠠᠴᠢᠮ ᠮᠡᠳᠡᠭᠳᠡᠯ︾ ︵ᠪᠠᠢ ᠠᠨ ᠵᠥᠪᠯᠡᠯ ᠲᠠᠷᠬᠠᠭᠠᠭᠰᠠᠨ 〔2024〕 1 ᠳ᠋ᠦᠭᠡᠷ ᠲᠣᠭᠠᠲᠤ︶ ᠢ ᠦᠨᠳᠦᠰᠦᠯᠡᠪᠡᠯ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠲᠣᠰ ᠡᠳᠦᠷ ᠠᠴᠠ ᠡᠬᠢᠯᠡᠨ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ︽ᠶᠢᠰᠦᠨ ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ᠨᠢᠭᠡ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠠᠭ    2024 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠃ᠬᠤᠶᠠᠷ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ    ︵ᠨᠢᠭᠡ︶ ︽ᠶᠢᠰᠦᠨ ᠪᠠᠭ᠎ᠠ ᠭᠠᠵᠠᠷ︾᠃ ᠡᠭᠦᠨ ᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ᠂ ᠪᠠᠭ᠎ᠠ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ᠂ ᠪᠠᠭ᠎ᠠ ᠳᠡᠯᠭᠡᠭᠦᠷ᠂ ᠪᠠᠭ᠎ᠠ ᠢᠳᠡᠭᠡᠨ ᠤᠮᠳᠠᠭᠠᠨ᠂ ᠪᠠᠭ᠎ᠠ ᠪᠠᠭᠤᠳᠠᠯ᠂ ᠪᠠᠭ᠎ᠠ ᠳᠠᠭᠤᠤ ᠪᠥᠵᠢᠭ ᠵᠤᠭ᠎ᠠ ᠴᠡᠩᠭᠡᠯ᠂ ᠪᠠᠭ᠎ᠠ ᠰᠦᠯᠵᠢᠶᠡᠨ ᠤ ᠪᠠᠭᠠᠷ᠂ ᠪᠠᠭ᠎ᠠ ᠵᠢᠰᠦ ᠭᠤᠶᠣᠯᠠᠬᠤ ᠤᠬᠢᠶᠠᠯᠭ᠎ᠠ᠂ ᠪᠠᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ᠲᠠᠯᠠᠪᠤᠷ ᠪᠠᠭᠲᠠᠨ᠎ᠠ᠃    ︵ᠬᠤᠶᠠᠷ︶ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠃ ᠡᠭᠦᠨ ᠳᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠬᠤᠳᠠᠯᠳᠤᠭ᠎ᠠ᠂ ᠬᠥᠮᠥᠷᠭᠡᠯᠡᠯᠲᠡ᠂ ᠰᠣᠶᠣᠯ᠂ ᠪᠡᠶ᠎ᠡ ᠶᠢᠨ ᠲᠠᠮᠢᠷ᠂ ᠪᠣᠯᠪᠠᠰᠤᠷᠠᠭᠤᠯᠤᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠨᠡᠶᠢᠲᠡ ᠪᠠᠷ ᠢᠶᠠᠨ ᠲᠦᠷᠢᠶᠡᠰᠦᠯᠡᠬᠦ ᠭᠡᠷ ᠪᠠᠶᠢᠰᠢᠩ᠂ ᠬᠠᠭᠤᠴᠢᠨ ᠬᠤᠳᠠᠯᠳᠤᠭᠠᠨ ᠤ ᠰᠠᠭᠤᠬᠤ ᠠᠰᠠᠷ᠂ ᠬᠤᠪᠢᠶᠠᠨ ᠲᠦᠷᠢᠶᠡᠰᠦᠯᠡᠬᠦ᠂ ᠰᠢᠯᠵᠢᠭᠦᠯᠦᠨ ᠲᠦᠷᠢᠶᠡᠰᠦᠯᠡᠬᠦ ᠠᠴᠠ ᠪᠣᠯᠵᠤ ᠦᠢᠯᠡᠳᠪᠦᠷᠢᠯᠡᠬᠦ᠂ ᠬᠠᠳᠠᠭᠠᠯᠠᠬᠤ ᠣᠯᠠᠨ ᠵᠦᠢᠯ ᠤᠨ ᠴᠢᠳᠠᠮᠵᠢ ᠲᠠᠢ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠲᠠᠯᠠᠪᠤᠷ ᠭᠠᠵᠠᠷ ᠪᠠᠭᠲᠠᠨ᠎ᠠ᠃    ︵ᠭᠤᠷᠪᠠ︶ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ᠃ ᠡᠭᠦᠨ ᠳᠤ ᠵᠣᠴᠢᠳ ᠤᠨ ᠪᠠᠭᠤᠳᠠᠯ ᠵᠣᠴᠢᠳ ᠤᠨ ᠪᠠᠭᠤᠳᠠᠯ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠡᠮᠨᠡᠯᠭᠡ ᠶᠢᠨ ᠬᠤᠷᠢᠶ᠎ᠠ᠂ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠵᠢᠭᠤᠯᠴᠢᠯᠠᠯ ᠤᠨ ᠲᠠᠯᠠᠪᠤᠷ ᠵᠡᠷᠭᠡ ᠪᠠᠭᠲᠠᠨ᠎ᠠ᠃ᠭᠤᠷᠪᠠ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠭᠤᠯᠭ᠎ᠠ    ︵ᠨᠢᠭᠡ︶ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠠᠵᠢᠯ ᠬᠢᠬᠦ ᠪᠠ ᠦᠢᠯᠡᠳᠪᠦᠷᠢᠯᠡᠵᠦ ᠡᠵᠡᠩᠨᠡᠬᠦ     1.ᠪᠠᠷᠢᠯᠭ᠎ᠠ ᠶᠢᠨ ᠠᠵᠢᠯ  ᠢ ᠬᠢᠨᠠᠨ ᠵᠥᠪᠰᠢᠶᠡᠷᠡᠭᠦᠯᠦᠭᠰᠡᠨ ᠦᠭᠡᠢ᠂ ᠦᠨᠡᠮᠯᠡᠯ ᠦᠭᠡᠢ ᠪᠠᠷ ᠪᠠᠷᠢᠯᠭ᠎ᠠ ᠶᠢᠨ ᠠᠵᠢᠯ ᠬᠢᠬᠦ᠂ ᠲᠣᠭᠲᠠᠭᠠᠯ ᠠᠴᠠ ᠵᠥᠷᠢᠴᠡᠨ ᠨᠤᠷᠠᠭᠠᠬᠤ ᠠᠵᠢᠯ ᠬᠢᠬᠦ᠂ ᠲᠣᠭᠲᠠᠭᠠᠯ ᠠᠴᠠ ᠵᠥᠷᠢᠴᠡᠨ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠵᠤ ᠪᠠᠷᠢᠯᠭ᠎ᠠ ᠶᠢᠨ ᠠᠵᠢᠯ ᠬᠢᠯᠭᠡᠬᠦ᠂ ᠠᠵᠢᠯ ‍ᠤᠨ‌ᠠᠶᠤᠯ ᠦᠭᠡᠢ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠪᠠᠷ ᠭᠡᠨᠡᠨ ᠢᠶᠠᠷ ᠠᠵᠢᠯᠯᠠᠬᠤ᠃    2. ᠲᠣᠭᠲᠠᠭᠠᠯ ᠠᠴᠠ ᠵᠥᠷᠢᠴᠡᠨ ᠢᠯᠡ ᠭᠠᠯ ᠪᠤᠶᠤ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠠᠵᠢᠯ  ᠢ ᠬᠡᠷᠡᠭᠯᠡᠵᠦ᠂ ᠭᠠᠯ ᠬᠥᠳᠡᠯᠭᠡᠬᠦ᠂ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠠᠵᠢᠯ ᠬᠢᠵᠦ ᠪᠠᠶᠢᠭ᠎ᠠ ᠬᠥᠮᠥᠰ ᠦᠨᠡᠮᠯᠡᠯ   ᠢᠶᠠᠨ ᠠᠪᠴᠤ ᠠᠵᠢᠯ   ᠤᠨ ᠪᠠᠶᠢᠷᠢ  ᠳᠤ ᠭᠠᠷᠤᠭᠰᠠᠨ ᠦᠭᠡᠢ᠂ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠠᠵᠢᠯ  ᠳᠤ ᠭᠠᠯ ᠨᠣᠴᠣᠭᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠭᠰᠡᠨ ᠦᠭᠡᠢ᠂ ᠠᠵᠢᠯᠯᠠᠬᠤ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠤᠭᠰᠠᠨ ᠦᠭᠡᠢ᠃    3.ᠭᠠᠯ ᠨᠣᠴᠣᠭᠠᠵᠤ ᠠᠵᠢᠯᠯᠠᠭᠤᠯᠬᠤ ᠳᠤ ᠲᠤᠰᠬᠠᠢ ᠠᠵᠢᠯᠲᠠᠨ ᠲᠣᠬᠢᠷᠠᠭᠤᠯᠵᠤ ᠲᠤᠬᠠᠢ ᠶᠢᠨ ᠲᠠᠯᠠᠪᠤᠷ ᠤᠨ ᠠᠶᠤᠯᠭᠦᠢ ᠶᠢᠨ ᠬᠠᠮᠢᠶᠠᠷᠤᠯᠲᠠ ᠬᠢᠯᠭᠡᠭᠰᠡᠨ ᠦᠭᠡᠢ᠃    4. ᠪᠠᠷᠢᠯᠭ᠎ᠠ ᠶᠢᠨ ᠲᠤᠬᠠᠢ ᠶᠢᠨ ᠭᠠᠵᠠᠷ ᠲᠤᠨᠢ ᠭᠠᠯ ᠨᠣᠴᠣᠭᠠᠵᠤ ᠭᠠᠩᠨᠠᠬᠤ᠂ ᠣᠴᠢ ᠠᠪᠴᠤ ᠠᠵᠢᠯᠯᠠᠬᠤ ᠪᠠ ᠭᠠᠯ  ᠤᠨ ᠠᠶᠤᠯ᠂ ᠳᠡᠯᠪᠡᠷᠡᠯᠲᠡ ᠶᠢᠨ ᠲᠦᠭᠰᠢᠭᠦᠷᠢ ᠲᠠᠢ ᠠᠵᠢᠯ ᠯᠤᠭ᠎ᠠ ᠰᠣᠯᠪᠢᠴᠠᠭᠤᠯᠤᠨ ᠶᠠᠪᠤᠭᠳᠠᠭᠤᠯᠬᠤ᠃    5. ᠬᠥᠮᠥᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ ᠭᠠᠵᠠᠷ ᠲᠤ ᠪᠠᠶᠢᠷᠢᠯᠠᠭᠤᠯᠤᠭᠰᠠᠨ ᠬᠦᠢᠲᠡᠨ ᠬᠥᠮᠥᠷᠭᠡ ᠨᠢ ᠲᠣᠭᠲᠠᠭᠠᠯ  ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠬᠦᠢᠲᠡᠨ ᠬᠥᠮᠥᠷᠭᠡ ᠶᠢ ᠪᠦᠲᠦᠭᠡᠨ ᠪᠠᠶᠢᠭᠤᠯᠬᠤ᠂ ᠥᠭᠡᠷᠡᠴᠢᠯᠡᠬᠦ᠂ ᠨᠤᠷᠠᠭᠠᠬᠤ ᠠᠵᠢᠯ ᠤᠨ ᠬᠤᠭᠤᠴᠠᠭᠠᠨ ᠳᠤ ᠭᠠᠯ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠭᠰᠠᠨ ᠦᠭᠡᠢ᠃︵ᠬᠤᠶᠠᠷ︶ ᠠᠶᠤᠯᠭᠦᠢ ᠪᠠᠷ ᠲᠠᠷᠬᠠᠭᠠᠬᠤ ᠨᠥᠬᠦᠴᠡᠯ ᠬᠦᠷᠦᠯᠴᠡᠬᠦ ᠦᠭᠡᠢ    1. ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠦᠭᠡᠢ ᠭᠠᠷᠬᠤ ᠡᠭᠦᠳᠡ ᠪᠣᠯᠣᠨ ᠭᠠᠯ ᠤᠨᠲᠠᠷᠠᠭᠠᠬᠤ ᠲᠡᠷᠭᠡ ᠶᠢᠨ ᠨᠡᠪᠳᠡᠷᠡᠯ ᠵᠠᠮ ᠟ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ᠃    2. ᠠᠶᠤᠯ ᠦᠭᠡᠢ ᠭᠠᠷᠬᠤ ᠡᠭᠦᠳᠡ ᠪᠣᠯᠣᠨ ᠲᠠᠷᠬᠠᠭᠠᠬᠤ ᠠᠰᠠᠷ ᠤᠨ ᠱᠠᠲᠤᠨ ᠤ ᠲᠤᠭ᠎ᠠ ᠬᠡᠮᠵᠢᠶ᠎ᠡ ᠨᠢ ᠬᠦᠷᠦᠯᠴᠡᠬᠦ ᠦᠭᠡᠢ᠂ ᠥᠷᠭᠡᠨ ᠤ ᠬᠡᠮᠵᠢᠶ᠎ᠡ ᠨᠢ ᠬᠦᠷᠦᠯᠴᠡᠬᠦ ᠦᠭᠡᠢ᠃    3.ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ ᠲᠠᠷᠬᠠᠭᠠᠬᠤ ᠵᠢᠭᠠᠯᠲᠠ ᠲᠡᠮᠳᠡᠭ ᠡᠪᠳᠡᠷᠡᠭᠰᠡᠨ᠃    4. ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠤᠨᠲᠠᠷᠠᠭᠠᠬᠤ ᠪᠠ ᠪᠠᠴᠢᠮ ᠪᠠᠶᠢᠳᠠᠯ  ᠢ ᠠᠷᠭᠠᠴᠠᠵᠤ ᠲᠠᠷᠬᠠᠭᠠᠨ ᠶᠠᠪᠤᠭᠤᠯᠬᠤ ᠪᠡᠯᠡᠳᠬᠡᠯ ᠲᠥᠰᠥᠯ ᠲᠣᠭᠲᠠᠭᠠᠭᠰᠠᠨ ᠦᠭᠡᠢ᠂ ᠠᠵᠢᠯᠲᠠᠨ᠂ ᠬᠤᠨᠤᠭ ᠤᠨ ᠬᠠᠮᠢᠶᠠᠷᠤᠭᠴᠢ ᠨᠠᠷ ᠠᠩᠬ᠎ᠠ ᠡᠭᠦᠰᠦᠭᠰᠡᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠠ ᠲᠠᠷᠬᠠᠭᠠᠨ ᠵᠠᠶᠢᠯᠠᠭᠤᠯᠬᠤ ᠶᠢ ᠵᠣᠬᠢᠶᠠᠨ ᠪᠠᠶᠢᠭᠤᠯᠬᠤ ᠮᠡᠷᠭᠡᠵᠢᠯ  ᠤᠨ ᠴᠢᠳᠠᠪᠤᠷᠢ ᠶᠢ ᠡᠵᠡᠮᠰᠢᠭᠰᠡᠨ ᠦᠭᠡᠢ᠃    5. ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠨᠢ ᠬᠠᠷᠢᠭᠤᠴᠠᠯᠭᠠᠲᠠᠨ ᠢ ᠲᠣᠭᠲᠠᠭᠠᠵᠤ ᠬᠠᠮᠲᠤ ᠪᠠᠷ ᠬᠡᠷᠡᠭᠯᠡᠬᠦ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠳᠤ ᠨᠢᠭᠡᠳᠦᠯᠲᠡᠢ ᠬᠠᠮᠢᠶᠠᠷᠤᠯᠲᠠ ᠬᠢᠯᠭᠡᠬᠦ ᠪᠠᠷ ᠲᠣᠭᠲᠠᠭᠠᠭᠰᠠᠨ ᠦᠭᠡᠢ᠃︵ᠭᠤᠷᠪᠠ︶ ᠬᠤᠯᠠᠭᠠᠢ ᠶᠢ ᠰᠡᠷᠭᠡᠶᠢᠯᠡᠬᠦ ᠲᠣᠣᠷ ᠪᠠ ᠵᠠᠷ ᠤᠨ ᠫᠠᠶᠢᠰᠠ ᠪᠠᠶᠢᠷᠢᠯᠠᠭᠤᠯᠬᠤ ᠶᠢ ᠵᠢᠷᠤᠮᠵᠢᠭᠤᠯᠤᠨ᠎ᠠ    1.ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ  ᠤᠨ ᠡᠭᠦᠳᠡ ᠴᠣᠩᠬᠤᠨ ᠳᠡᠭᠡᠷ᠎ᠡ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠤᠯᠠᠭᠠᠢ ᠶᠢ ᠰᠡᠷᠭᠡᠶᠢᠯᠡᠬᠦ ᠲᠣᠣᠷ᠂ ᠲᠡᠮᠦᠷ ᠬᠡᠷᠡᠰᠬᠡ᠂ ᠵᠠᠷ   ᠤᠨ ᠫᠠᠶᠢᠰᠠ ᠵᠡᠷᠭᠡ ᠰᠠᠭᠠᠳ ᠲᠣᠳᠬᠠᠷ ᠪᠠᠶᠢᠷᠢᠯᠠᠭᠤᠯᠬᠤ ᠬᠡᠷᠡᠭᠲᠡᠢ᠃    2. ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠡᠷ ᠤᠨ ᠭᠠᠳᠠᠨᠠᠬᠢ ᠵᠠᠷ ᠤᠨ ᠫᠠᠶᠢᠰᠠ ᠶᠢ ᠬᠢᠨᠠᠨ ᠵᠥᠪᠰᠢᠶᠡᠷᠡᠬᠦ ᠳᠡᠭᠡᠨ ᠪᠠᠷᠢᠯᠭ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠡᠰᠡᠬᠦ ᠶᠢ ᠬᠠᠤᠯᠢ ᠲᠣᠭᠲᠠᠭᠠᠯ ᠶᠣᠰᠣᠭᠠᠷ ᠬᠠᠷᠭᠤᠭᠤᠯᠤᠭᠰᠠᠨ ᠦᠭᠡᠢ᠃︵ᠳᠥᠷᠪᠡ︶ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠯᠡᠭᠰᠡᠨ ᠥᠢᠯᠡ ᠠᠵᠢᠯᠯᠠᠭ᠎ᠠ    1.ᠳᠤᠷ᠎ᠠ ᠪᠠᠷ ᠢᠶᠠᠨ ᠵᠠᠯᠭᠠᠭᠰᠠᠨ ᠴᠠᠬᠢᠯᠭᠠᠨ ᠤᠲᠠᠰᠤ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠭᠰᠠᠨ ᠪᠠ ᠬᠡᠷᠡᠭᠯᠡᠭᠰᠡᠨ ᠨᠢ ᠪᠠᠷᠢᠮᠵᠢᠶ᠎ᠠ ᠳᠤ ᠨᠡᠶᠢᠴᠡᠬᠦ ᠤᠶᠢᠭᠡᠢ ᠪᠠᠶᠢᠬᠤ᠃    2.ᠬᠡᠷᠡᠭᠯᠡᠭᠡᠨ ᠤ ᠶᠠᠰᠤ ᠴᠢᠨᠠᠷ ᠨᠢ ᠬᠢᠷᠢ ᠲᠡᠩᠴᠡᠬᠦ ᠤᠶᠢᠭᠡᠢ (ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠤᠶᠢᠭᠡᠢ) ᠪᠤᠶᠤ ᠬᠠᠭᠤᠴᠢᠷᠠᠭᠰᠠᠨ᠂ ᠡᠪᠳᠡᠷᠡᠵᠦ ᠰᠦᠢᠳᠦᠭᠰᠡᠨ ᠴᠠᠬᠢᠯᠭᠠᠨ ᠬᠡᠷᠡᠭᠰᠡᠯ ᠤᠨ ᠦᠢᠯᠡᠳᠬᠦᠨ᠃    3.ᠴᠠᠬᠢᠯᠭᠠᠨ ᠤ ᠬᠡᠯᠬᠢᠶ᠎ᠡ᠂ ᠴᠠᠬᠢᠯᠭᠠᠨ ᠬᠡᠷᠡᠭᠰᠡᠯ ᠤᠨ ᠦᠢᠯᠡᠳᠬᠦᠨ ᠨᠢ ᠰᠢᠲᠠᠮᠠᠬᠠᠢ ᠪᠣᠳᠠᠰ ᠲᠠᠢ ᠠᠶᠤᠯ ᠦᠭᠡᠢ ᠵᠠᠢ ᠲᠠᠢ ᠪᠠᠶᠢᠬᠤ ᠶᠢ ᠦᠯᠦ ᠪᠠᠲᠤᠯᠠᠭᠰᠠᠨ᠃    4.ᠭᠠᠯ  ᠤᠨ ᠭᠠᠮᠰᠢᠭ᠂ ᠳᠡᠯᠪᠡᠷᠡᠬᠦ ᠠᠶᠤᠯ ᠲᠠᠢ ᠭᠠᠵᠠᠷ ᠲᠠᠯᠠᠪᠤᠷ  ᠲᠤ ᠲᠣᠭᠲᠠᠭᠠᠯ ᠠᠴᠠ ᠵᠥᠷᠢᠴᠡᠨ ᠴᠠᠬᠢᠯᠭᠠᠨ ᠳᠡᠪᠢᠰᠦᠭᠰᠡᠨ᠂ ᠬᠡᠷᠡᠭᠯᠡᠭᠰᠡᠨ ᠪᠤᠶᠤ ᠳᠡᠯᠪᠡᠷᠡᠬᠦ ᠣᠷᠴᠢᠨ ᠲᠣᠭᠤᠷᠢᠨ ᠯᠤᠭ᠎ᠠ ᠨᠡᠶᠢᠴᠡᠬᠦ ᠦᠭᠡᠢ ᠴᠠᠬᠢᠯᠭᠠᠨ ᠤ ᠦᠢᠯᠡᠳᠬᠦᠨ ᠢ ᠬᠡᠷᠡᠭᠯᠡᠭᠰᠡᠨ᠃ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ︽ᠶᠢᠰᠦᠨ ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠤᠨ ᠣᠨᠴᠠᠯᠢᠭ ᠲᠠᠢ ᠤᠶᠠᠯᠳᠤᠭᠤᠯᠤᠨ᠂ ᠴᠡᠭᠴᠡᠯᠡᠨ ᠵᠠᠰᠠᠬᠤ ᠭᠤᠣᠯᠳᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ ᠪᠣᠯᠣᠨ᠎ᠠ᠂ ᠵᠢᠱᠢᠶᠡᠯᠡᠪᠡᠯ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠨᠢ ᠲᠣᠭᠲᠠᠭᠠᠯ  ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠭᠤᠣᠯ ᠬᠠᠪᠴᠢᠭᠤᠷ ᠤᠨ ᠪᠣᠯᠣᠳ ᠬᠠᠪᠲᠠᠰᠤ ᠶᠢᠨ ᠮᠠᠲ᠋ᠧᠷᠢᠶᠠᠯ ᠢ ᠬᠡᠷᠡᠭᠯᠡᠭᠰᠡᠨ ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠨᠢ ᠡᠪᠳᠡᠷᠡᠵᠦ ᠬᠡᠷᠡᠭᠯᠡᠬᠦ ᠪᠠᠨ ᠵᠣᠭᠰᠣᠭᠰᠠᠨ ᠵᠡᠷᠭᠡ ᠳᠠᠯᠳᠠ ᠬᠡᠮ ᠤᠨ ᠠᠰᠠᠭᠤᠳᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠴᠡᠭᠴᠡᠯᠡᠨ ᠵᠠᠰᠠᠬᠤ ᠭᠤᠣᠯᠳᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ ᠪᠣᠯᠣᠨ᠎ᠠ᠃︵ᠲᠠᠪᠤ︶ ᠪᠠᠷᠢᠯᠭ᠎ᠠ ᠶᠢᠨ ᠭᠠᠯ ᠤᠨᠲᠠᠷᠠᠭᠠᠬᠤ ᠲᠥᠬᠦᠭᠡᠷᠦᠮᠵᠢ ᠡᠪᠳᠡᠷᠡᠵᠦ ᠰᠦᠢᠳᠦᠭᠡᠳ ᠬᠡᠷᠡᠭᠯᠡᠬᠦ ᠪᠠᠨ ᠵᠣᠭᠰᠣᠪᠠ    1.ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠬᠡᠷᠡᠭᠯᠡᠬᠦ ᠪᠠᠨ ᠵᠣᠭᠰᠣᠵᠤ᠂ ᠲᠠᠮᠪᠠᠷᠠᠭᠰᠠᠨ᠃    2. ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠪᠠᠶᠢᠴᠠᠭᠠᠨ ᠰᠢᠯᠭᠠᠭᠰᠠᠨ ᠲᠡᠮᠳᠡᠭᠯᠡᠯ ᠳᠠᠬᠢ ᠪᠡᠯᠡᠳᠬᠡᠮᠵᠢ ᠶᠢᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ᠃ᠳᠥᠷᠪᠡ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠯᠬᠤᠮ ᠳᠠᠷᠠᠭ᠎ᠠ    ︵ᠨᠢᠭᠡ︶ ᠳᠠᠶᠢᠴᠢᠯᠠᠯᠲᠠ ᠶᠢᠨ ᠪᠠᠶᠢᠷᠢᠯᠠᠭᠤᠯᠤᠯᠲᠠ ︵2024 ᠣᠨ ᠤ 1 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠠᠵᠢᠯ ᠲᠥᠷᠥᠯ ᠤᠨ ᠢᠶᠠᠨ ᠡᠪᠡᠳᠴᠢᠨ ᠡᠮᠭᠡᠭ ᠢ ᠠᠷᠢᠯᠭᠠᠬᠤ ᠰᠢᠪᠲᠤᠯᠤᠯᠲᠠ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ᠢ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠪᠠ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠣᠷᠬᠠᠶᠢᠯᠠᠨ᠂ ᠡᠭᠦᠷᠭᠡ ᠶᠢᠨ ᠬᠤᠪᠢᠶᠠᠷᠢᠯᠠᠯ ᠪᠠ ᠠᠵᠢᠯ ᠤᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠲᠤᠰᠬᠠᠢ ᠰᠡᠳᠦᠪᠲᠦ ᠪᠠᠶᠢᠷᠢᠯᠠᠭᠤᠯᠤᠯᠲᠠ ᠬᠢᠵᠦ ᠳᠠᠶᠢᠴᠢᠯᠠᠬᠤ ᠬᠡᠷᠡᠭᠲᠡᠢ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠶᠡᠬᠡᠪᠡᠷ ᠴᠡᠭᠴᠡᠯᠡᠨ ᠵᠠᠰᠠᠬᠤ ᠠᠯᠪᠠᠨ ᠵᠠᠷ ᠢ ᠨᠡᠶᠢᠭᠡᠮ  ᠲᠤ᠋‌ᠥᠷᠭᠡᠨ ᠢᠶᠠᠷ ᠨᠡᠶᠢᠲᠡᠯᠡᠵᠦ᠂ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠬᠦᠴᠦᠷᠬᠡᠭ ᠶᠡᠭᠡ ᠰᠦᠷ ᠳᠠᠯᠠᠶᠢᠴᠠ ᠶᠢ ᠪᠤᠢ ᠪᠣᠯᠭᠠᠬᠤ ᠬᠡᠷᠡᠭᠲᠡᠢ᠃    ︵ᠬᠤᠶᠠᠷ︶ ᠪᠡᠷᠬᠡ ᠰᠡᠳᠦᠪ ᠢ ᠠᠷᠢᠯᠭᠠᠬᠤ ︵2024 ᠣᠨ ᠤ 3 ᠰᠠᠷ᠎ᠠ ᠶᠢᠨ ᠳᠤᠮᠳᠠᠴᠢ ᠠᠴᠠ ᠡᠮᠦᠨ᠎ᠡ︶᠃ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ ᠢᠯᠡᠴᠢᠯᠡᠬᠦ᠂ ᠶᠡᠬᠡᠪᠡᠷ ᠰᠣᠷᠢᠯᠲᠠ ᠬᠢᠬᠦ᠂ ᠶᠡᠭᠡ ᠶᠠᠷᠢᠯᠴᠠᠭ᠎ᠠ ᠬᠢᠬᠦ᠂ ᠶᠡᠬᠡᠪᠡᠷ ᠬᠢᠨᠠᠨ ᠵᠢᠯᠤᠭᠤᠳᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ︽ᠶᠢᠰᠦᠨ ᠪᠠᠭ᠎ᠠ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠶᠡᠬᠡᠪᠡᠷ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠭᠤᠷᠪᠠ︶ ᠰᠢᠯᠭᠠᠨ ᠬᠤᠷᠢᠶᠠᠵᠤ ᠦᠨᠡᠯᠡᠨ ᠵᠢᠱᠢᠬᠦ ︵2024 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ ᠨᠢ ᠲᠥᠰᠥᠯ ᠤᠨ ᠱᠠᠭᠠᠷᠳᠠᠯᠭ᠎ᠠ ᠲᠠᠢ ᠤᠶᠠᠯᠳᠤᠭᠤᠯᠤᠨ ᠰᠢᠯᠭᠠᠨ ᠬᠤᠷᠢᠶᠠᠵᠤ ᠦᠨᠡᠯᠡᠨ ᠵᠢᠱᠢᠬᠦ ᠶᠢ ᠥᠷᠨᠢᠭᠦᠯᠵᠦ᠂ ᠦᠷ᠎ᠡ ᠪᠦᠲᠦᠮᠵᠢ ᠪᠠᠨ ᠳ᠋ᠦᠩᠨᠡᠨ᠂ ᠠᠰᠠᠭᠤᠳᠠᠯ ᠢᠶᠠᠨ ᠮᠡᠳᠡᠭᠳᠡᠵᠦ᠂ ᠠᠵᠢᠯ ᠥᠷᠨᠢᠭᠦᠯᠦᠭᠰᠡᠨ ᠪᠠᠶᠢᠳᠠᠯ ᠢ ᠡᠯ᠎ᠡ ᠳᠤᠭᠤᠶᠢᠯᠠᠩ  ᠠᠴᠠ ᠬᠤᠷᠢᠶᠠᠩᠭᠤᠶᠢᠯᠠᠬᠤ ᠶᠢᠨ ᠬᠠᠮᠲᠤ ᠡᠯ᠎ᠡ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠪᠠᠷ ᠭᠠᠷ ᠤᠨ ᠥᠰᠥᠭ ᠵᠢᠷᠤᠭᠤᠯᠵᠤ᠂ ᠳᠡᠭᠡᠭᠰᠢ ᠬᠤᠰᠢᠭᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠡᠬᠡ ᠲᠠᠩᠰᠠ ᠪᠠᠶᠢᠭᠤᠯᠵᠤ ᠪᠠᠶᠢᠴᠠᠭᠠᠬᠤ ᠳᠤ ᠪᠡᠯᠡᠳᠬᠡᠨ᠎ᠡ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠭᠤᠣᠯᠳᠠᠯᠭ᠎ᠠ ᠲᠠᠢ ᠰᠢᠮᠳᠠᠭᠤᠯᠤᠨ ᠰᠢᠢᠳᠪᠦᠷᠢᠯᠡᠭᠦᠯᠵᠦ᠂ ᠡᠪᠡᠳᠴᠢᠨ ᠡᠮᠭᠡᠭ ᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠭᠢᠵᠤ ᠵᠣᠬᠢᠶᠠᠨ ᠪᠠᠶᠢᠭᠤᠯᠤᠨ ᠥᠷᠨᠢᠭᠦᠯᠬᠦ ᠶᠢ ᠳᠠᠭᠠᠭᠠᠯᠭᠠᠬᠤ ᠬᠡᠷᠡᠭᠲᠡᠢ᠃ᠲᠠᠪᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠷᠭ᠎ᠠ ᠮᠠᠶ᠋ᠢᠭ    ᠰᠠᠯᠠᠭ᠎ᠠ ᠮᠥᠴᠢᠷ ᠬᠠᠮᠲᠤᠷᠠᠨ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠡᠯ᠎ᠡ ᠪᠦᠷᠢᠯᠳᠦᠭᠦᠨ ᠨᠢᠭᠡᠴᠡ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ 5 ᠠᠵᠢᠯᠯᠠᠬᠤ ᠳᠤᠭᠤᠶᠢᠯᠠᠩ ᠪᠠᠶᠢᠭᠤᠯᠵᠤ᠂ ᠮᠠᠨ ᠤ ᠬᠤᠰᠢᠭᠤᠨ ᠤ ︽ᠶᠢᠰᠦᠨ ᠪᠠᠭ᠎ᠠ ᠲᠠᠯᠠᠪᠤᠷ︾᠂ ᠣᠯᠠᠨ ᠡᠵᠡᠩᠨᠡᠯᠲᠡ ᠶᠢᠨ ᠬᠡᠯᠪᠡᠷᠢ ᠶᠢᠨ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠥᠨᠳᠥᠷᠴᠡ ᠳᠡᠭᠡᠷ᠎ᠡ ᠵᠣᠭᠰᠣᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠣᠳᠣᠬᠠᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠡᠭᠡ ᠲᠠᠯ᠎ᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠢᠯᠣᠭᠤᠳᠤᠨ ᠲᠣᠬᠢᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ︾ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠶᠡᠬᠡᠪᠡᠷ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠣᠯᠠᠨ ᠭᠠᠷᠬᠤ ᠪᠠ ᠵᠠᠯᠭᠠᠯᠳᠤᠨ ᠭᠠᠷᠬᠤ ᠬᠠᠨᠳᠤᠰᠢ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠢᠨ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠴᠠᠭᠠᠨ ᠰᠠᠷ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ᠂ ᠪᠦᠬᠦ ᠤᠯᠤᠰ ᠤᠨ ᠬᠤᠶᠠᠷ ᠬᠤᠷᠠᠯ ᠤᠨ ᠠᠮᠤᠷ ᠢ ᠬᠠᠮᠠᠭᠠᠯᠠᠬᠤ ᠠᠵᠢᠯ ᠵᠡᠷᠭᠡ ᠭᠤᠣᠯᠳᠠᠯᠭ᠎ᠠ ᠲᠠᠢ ᠡᠭᠦᠷᠭᠡ  ᠯᠦᠭᠡ ᠪᠦᠲᠦᠮᠵᠢᠲᠡᠢ ᠤᠶᠠᠯᠳᠤᠭᠤᠯᠵᠤ᠂ ᠵᠡᠷᠭᠡᠪᠡᠷ ᠠᠬᠢᠭᠤᠯᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠦᠨᠡᠯᠡᠨ ᠵᠢᠱᠢᠬᠦ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠳᠠᠯᠳᠠ ᠬᠡᠮ ᠤᠨ ᠠᠰᠠᠭᠤᠳᠠᠯ ᠲᠥᠪᠯᠡᠷᠡᠭᠰᠡᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠡᠷᠭᠡᠭ ᠲᠠᠯᠠᠪᠤᠷ ᠭᠠᠵᠠᠷ᠂ ᠪᠠᠭᠤᠷᠠᠢ ᠭᠤᠭᠴᠤᠭ᠎ᠠ ᠶᠢ ᠣᠨᠣᠪᠴᠢᠲᠠᠶ ᠡᠷᠢᠨ ᠣᠯᠵᠤ᠂ ᠨᠠᠷᠢᠯᠢᠭ ᠣᠨᠣᠴᠠᠲᠠᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠡᠷᠬᠡ ᠰᠡᠳᠦᠪ ᠢ ᠬᠦᠴᠦᠲᠡᠢ ᠰᠢᠢᠳᠪᠦᠷᠢᠯᠡᠵᠦ᠂ ᠲᠣᠰ ᠭᠠᠵᠠᠷ ᠣᠷᠣᠨ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃    ︵ᠭᠤᠷᠪᠠ︶ ᠬᠢᠨᠠᠯᠲᠠ ᠲᠠᠯᠪᠢᠵᠤ ᠦᠷ᠎ᠡ ᠪᠦᠲᠦᠮᠵᠢ ᠠᠰᠠᠭᠤᠬᠤ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠪᠡᠳᠴᠢᠨ ᠡᠮᠭᠡᠭ ᠢ ᠠᠷᠢᠯᠭᠠᠬᠤ ᠰᠢᠪᠲᠤᠯᠤᠯᠲᠠ ᠶᠢᠨ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠡᠳᠦᠷ ᠲᠤᠲᠤᠮ ᠤᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠠᠭᠤᠯᠭ᠎ᠠ ᠳᠠᠭᠠᠨ ᠣᠷᠣᠭᠤᠯᠵᠤ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ; ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠥᠳᠡᠯᠵᠦ ᠪᠠᠷᠢᠬᠤ ᠨᠢ ᠤᠳᠠᠭᠠᠨ᠂ ᠠᠵᠢᠯ ᠳᠠᠭᠠᠨ ᠬᠠᠰᠢ ᠶᠠᠰᠢ ᠪᠠᠶᠢᠬᠤ ᠶᠢ ᠣᠯᠵᠤ ᠮᠡᠳᠡᠪᠡᠯ᠂ ᠠᠰᠠᠭᠤᠳᠠᠯ ᠢ ᠪᠠᠶᠢᠴᠠᠭᠠᠨ ᠭᠠᠷᠭᠠᠵᠤ ᠳᠡᠶᠢᠯᠬᠦ ᠦᠭᠡᠢ᠂ ᠠᠰᠠᠭᠤᠳᠠᠯ ᠢ ᠣᠯᠵᠤ ᠮᠡᠳᠡᠭᠡᠳ ᠰᠢᠢᠳᠪᠦᠷᠢᠯᠡᠬᠦ ᠦᠭᠡᠢ ᠪᠠᠶᠢᠪᠠᠯ᠂ ᠵᠠᠷᠯᠠᠨ ᠰᠢᠭᠦᠮᠵᠢᠯᠡᠵᠦ᠂ ᠰᠢᠪᠠᠳᠠᠨ ᠰᠢᠢᠳᠪᠦᠷᠢᠯᠡᠭᠦᠯᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠠᠰᠠᠭᠤᠳᠠᠯ ᠬᠦᠨᠳᠦ ᠨᠣᠴᠢᠲᠠᠢ ᠪᠠᠶᠢᠪᠠᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠭᠠᠮᠰᠢᠭ ᠢ ᠠᠷᠢᠯᠭᠠᠬᠤ ᠪᠣᠭᠤᠮᠲᠠ ᠰᠢᠪᠲᠤᠯᠬᠤ ᠶᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠭᠤᠴᠠᠭᠠᠨ ᠳᠤ᠂ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠭᠠᠮᠰᠢᠭ ᠤᠨ ᠠᠳᠡᠯ ᠭᠠᠷᠤᠭᠰᠠᠨ ᠪᠠᠶᠢᠪᠠᠯ᠂ ᠲᠠᠰ ᠳᠠᠷᠠᠭᠠᠯᠠᠯ ᠶᠣᠰᠣᠭᠠᠷ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠡᠬᠢᠯᠡᠭᠦᠯᠵᠦ᠂ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠶᠤᠯ  ᠠᠴᠠ ᠰᠡᠷᠭᠡᠶᠢᠯᠡᠬᠦ ᠠᠵᠢᠯ ᠤᠨ ᠪᠡᠷᠬᠡ ᠰᠡᠳᠦᠪ  ᠢ ᠰᠢᠢᠳᠪᠦᠷᠢᠯᠡᠬᠦ ᠶᠡᠭᠡ ᠵᠠᠰᠠᠯᠲᠠ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠰᠢᠭᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ‌ᠡᠴᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠴᠠᠭ ᠲᠤᠨᠢ ᠲᠣᠬᠢᠷᠠᠭᠤᠯᠤᠨ ᠮᠡᠳᠡᠭᠡᠯᠡᠨ᠎ᠡ᠃                                   ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ                                   2024 ᠣᠨ ᠤ 2 ᠰᠠᠷ᠎ᠠ ᠶᠢᠨ 4
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号