ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ | ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠶᠡᠷᠦᠩᠬᠡᠶᠢᠯᠡᠭᠰᠡᠨ ᠠᠯᠪᠠᠨ ᠭᠡᠷ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠭᠤᠣᠯᠳᠠᠭᠤ ᠵᠠᠰᠠᠭ ᠵᠠᠬᠢᠷᠭᠠᠨ ᠤ ᠠᠵᠢᠯ ᠶᠠᠪᠤᠳᠠᠯ᠂ ᠪᠢᠴᠢᠭ | ᠮᠡᠲ᠋ᠧᠷᠢᠶᠠᠯ ᠤᠨ ᠰᠢᠢᠳᠪᠦᠷᠢᠯᠡᠯᠲᠡ᠂ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢ | ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠠ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢ ᠡᠮᠬᠢᠳᠬᠡᠬᠦ᠂ ᠬᠠᠷᠢᠭᠤ ᠲᠤᠰᠬᠠᠬᠤ ᠶᠢ | ᠬᠠᠷᠢᠭᠤᠴᠠᠨ᠎ᠠ᠃ ᠡᠭᠦᠨ ᠤ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠠᠵᠢᠯ ᠢ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠤᠬᠠᠭᠤᠯᠭ᠎ᠠ ᠶᠢᠨ ᠠᠵᠢᠯ ᠢ ᠦᠷᠨᠢᠬᠦᠯᠦᠨ᠎ᠡ᠃ | ︵ᠬᠤᠶᠠᠷ︶ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ᠃ ᠵᠠᠬᠢᠳᠠᠯ ᠰᠣᠷᠪᠤᠯᠵᠢᠯᠠᠭ᠎ᠠ ᠶᠢᠨ | ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠠᠵᠢᠯ ᠢ ᠡᠭᠦᠷᠭᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | 1. ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ | ᠵᠥᠪᠰᠢᠶᠡᠷᠡᠨ ᠭᠦᠢᠴᠡᠳᠬᠡᠭᠰᠡᠨ ᠵᠠᠬᠢᠳᠠᠯ ᠰᠣᠷᠪᠤᠯᠵᠢᠯᠠᠭ᠎ᠠ ᠪᠠ ᠰᠦᠯᠵᠢᠶᠡᠨ ᠤ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠢ ᠳᠠᠭᠠᠭᠠᠨ ᠭᠦᠢᠴᠡᠳᠬᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠦᠷᠢᠯᠡᠭᠰᠡᠨ ᠵᠠᠬᠢᠳᠠᠯ | ᠰᠣᠷᠪᠤᠯᠵᠢᠯᠠᠭ᠎ᠠ ᠪᠠ ᠰᠦᠯᠵᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠢᠴᠡᠳᠬᠡᠨ᠎ᠡ᠃ | ᠵᠠᠬᠢᠳᠠᠯ ᠰᠣᠷᠪᠤᠯᠵᠢᠯᠠᠭ᠎ᠠ ᠪᠠ ᠰᠦᠯᠵᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢ | ᠬᠠᠷᠢᠭᠤᠴᠠᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠰᠦᠯᠵᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃ | 2. ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠬᠦ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠰᠠᠨᠠᠯ | ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ | ᠵᠠᠬᠢᠳᠠᠯ ᠰᠣᠷᠪᠤᠯᠵᠢᠯᠠᠭ᠎ᠠ ᠶᠢᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠠᠵᠢᠯ ᠢ ᠵᠢᠯᠣᠭᠤᠳᠤᠨ | ᠪᠠᠶᠢᠴᠠᠭᠠᠨ᠎ᠠ᠃ | 3. ᠡᠯ᠎ᠡ ᠰᠤᠮᠤ ᠪᠠᠯᠭᠠᠰᠤ ᠶᠢᠨ ᠡᠯ᠎ᠡ ᠰᠠᠯᠠᠭ᠎ᠠ ᠮᠥᠴᠢᠷ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ | ᠪᠠ ᠠᠶᠢᠮᠠᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | 4. ᠰᠣᠷᠪᠤᠯᠵᠢᠯᠠᠭ᠎ᠠ ᠶᠢ ᠭᠥᠯᠢᠶᠡᠨ ᠠᠪᠬᠤ ᠶᠢ ᠲᠡᠮᠳᠡᠭᠯᠡᠬᠦ᠂ ᠡᠮᠬᠢᠳᠬᠡᠬᠦ᠂ ᠪᠦᠷᠢᠳᠬᠡᠬᠦ᠂ ᠬᠤᠷᠢᠶᠠᠩᠭᠤᠶᠢᠯᠠᠬᠤ | ᠵᠡᠷᠭᠡ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ | 5. ᠬᠠᠤᠯᠢ ᠶᠣᠰᠣᠭᠠᠷ ᠱᠠᠲᠤ ᠱᠠᠲᠤ ᠪᠠᠷ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ᠂ | ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ᠂ | ᠬᠠᠤᠯᠢᠴᠢ ᠶᠢᠨ ᠵᠠᠬᠢᠳᠠᠯ ᠰᠣᠷᠪᠤᠯᠵᠢᠯᠠᠭ᠎ᠠ ᠳᠤ ᠣᠷᠣᠯᠴᠠᠬᠤ ᠵᠡᠷᠭᠡ ᠠᠵᠢᠯ ᠢ ᠵᠣᠬᠢᠴᠠᠭᠤᠯᠤᠨ ᠠᠬᠢᠭᠤᠯᠬᠤ ᠶᠢ | ᠬᠠᠷᠢᠭᠤᠴᠠᠨ᠎ᠠ᠃ | 6. ᠳᠠᠪᠲᠠᠨ ᠪᠠᠶᠢᠴᠠᠭᠠᠵᠤ ᠳᠠᠬᠢᠨ ᠬᠢᠨᠠᠬᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ | ᠰᠢᠢᠳᠪᠦᠷᠢᠯᠡᠬᠦ ᠶᠢ ᠬᠠᠷᠢᠭᠤᠴᠠᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠬᠤᠰᠢᠭᠤᠨ ᠳᠠᠷᠤᠭ᠎ᠠ ᠶᠢᠨ | ᠵᠠᠬᠢᠳᠠᠯ ᠤᠨ ᠬᠠᠶᠢᠷᠴᠠᠭ᠂ ᠬᠤᠰᠢᠭᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠦᠯᠵᠢᠶᠡᠨ ᠥᠷᠲᠡᠭᠡ | ᠵᠡᠷᠭᠡ ᠲᠣᠣᠷ ᠰᠦᠯᠵᠢᠶ᠎ᠡ ᠶᠢᠨ ᠠᠷᠭ᠎ᠠ ᠵᠠᠮ ᠢᠶᠠᠷ ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ | ᠭᠥᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ᠂ | ᠨᠢᠭᠡᠴᠡ ᠳᠤ ᠰᠢᠯᠵᠢᠭᠦᠯᠦᠨ ᠬᠦᠷᠭᠡᠬᠦ᠂ ᠲᠤᠰᠢᠶᠠᠨ ᠥᠭᠴᠦ ᠰᠢᠢᠳᠪᠦᠷᠢᠯᠡᠭᠦᠯᠬᠦ᠂ ᠰᠢᠮᠳᠠᠭᠤᠯᠤᠨ | ᠰᠢᠢᠳᠪᠦᠷᠢᠯᠡᠭᠦᠯᠦᠨ᠎ᠡ᠃ | 7. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠠᠷᠢᠯᠴᠠᠬᠤ ᠤᠲᠠᠰᠤ᠄ 0479 ︱ 6521430 | ᠠᠵᠢᠯᠯᠠᠬᠤ ᠴᠠᠭ᠄ 8᠄ 30 ︱ 12᠄ 00 14᠄ 30 ︱ 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠬᠠᠰᠲᠤ | ᠠᠵᠢᠯᠯᠠᠬᠤ ᠬᠠᠶ᠋ᠢᠭ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠵᠠᠰᠠᠭ ᠤᠨ ᠠᠰᠠᠷ ᠤᠨ ᠪᠠᠷᠠᠭᠤᠨ ᠲᠠᠯ᠎ᠠ |