ᠰᠢᠯᠤᠭᠤᠨ ᠬᠥᠪᠡᠭᠡᠲᠦ ᠴᠠᠭᠠᠨ ᠬᠤᠰᠢᠭᠤ᠄ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/2/28
ᠰᠢᠯᠤᠭᠤᠨ ᠬᠥᠪᠡᠭᠡᠲᠦ ᠴᠠᠭᠠᠨ ᠬᠤᠰᠢᠭᠤ᠄ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ    ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ︽ᠬᠤᠷᠳᠤᠳᠬᠠᠭᠤᠷ︾ ᠪᠠ ︽ᠰᠠᠭᠤᠷᠢ ᠴᠢᠯᠠᠭᠤ︾ ᠮᠥᠨ᠃ 2023 ᠣᠨ ᠠᠴᠠ ᠨᠠᠰᠢ᠂ ᠮᠠᠨ ᠤ ᠬᠤᠰᠢᠭᠤ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠪᠡᠯᠡ ᠣᠷᠣᠭᠤᠯᠤᠯᠲᠠ ᠳᠤ ᠦᠵᠡᠭᠦᠯᠬᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠳᠤᠲᠠᠭᠤᠳᠠᠯ ᠢ ᠨᠥᠬᠦᠪᠦᠷᠢᠯᠡᠵᠦ ᠪᠦᠲᠦᠴᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     2023 ᠣᠨ ᠳᠤ᠂ ᠮᠠᠨ ᠤ ᠬᠤᠰᠢᠭᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ 10 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 27 ᠳ᠋ᠦᠩᠰᠢᠭᠤᠷ ᠲᠥᠭᠦᠷᠢᠭ ᠲᠤ ᠬᠦᠷᠴᠦ᠂ ᠠᠶᠢᠮᠠᠭ ᠤᠨ ᠳᠡᠰ ᠤᠨ ︽ᠲᠠᠪᠤ ᠠᠴᠠ ᠳᠣᠣᠷ᠎ᠠ ᠪᠠᠶᠢᠯᠭᠠᠬᠤ ᠦᠭᠡᠢ︾ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠤᠣᠯᠳᠠᠯᠭ᠎ᠠ  ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠬᠤ ᠠᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠪᠠ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠳᠦᠷᠢᠮ ᠢ ᠬᠡᠷᠡᠭᠵᠢᠭᠦᠯᠵᠦ᠂ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠢᠵᠢ ᠤᠳᠤᠷᠢᠳᠬᠤ ᠪᠠᠭ︾ ᠤᠨ ᠶᠣᠰᠣᠭᠠᠷ᠂ ᠬᠤᠰᠢᠭᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠢ ᠴᠥᠮ ᠴᠠᠭ ᠤᠨ ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ ᠶᠣᠰᠣᠭᠠᠷ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠶᠢ 100% ᠳᠤ ᠬᠦᠷᠦᠭᠦᠯᠦᠨ᠎ᠡ᠃ ᠡᠭᠦᠨ ᠳᠤ  ᠨᠥᠸᠧ ᠶᠢᠨ ᠤ ᠲᠣᠮᠣ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠯ ᠤᠨ ᠳᠣᠲᠣᠷ᠎ᠠ ᠡᠬᠢᠯᠡᠨ ᠪᠠᠶᠢᠭᠤᠯᠵᠤ᠂ ᠵᠢᠯ ᠤᠨ ᠳᠣᠲᠣᠷ᠎ᠠ ᠭᠤᠣᠯ ᠴᠣᠭᠴᠠ ᠶᠢᠨ ᠪᠣᠷᠣ ᠲᠥᠯᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠣᠨᠴᠠ ᠬᠤᠪᠢᠰᠤᠯᠳᠤ ᠴᠠᠬᠢᠯᠭᠠᠨ ᠬᠦᠴᠦᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠶᠢᠨ ᠬᠦᠴᠦᠳᠡᠯ ᠳᠡᠭᠡᠭᠰᠢᠯᠡᠭᠦᠯᠬᠦ ᠦᠷᠳᠡᠭᠡ ᠶᠢᠨ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠦᠷᠦᠯ ᠵᠦᠢᠯ 5 ᠰᠠᠷ᠎ᠠ ᠶᠢᠨ 30  ᠤ ᠡᠳᠦᠷ ᠪᠦᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠳᠤᠮᠳᠠᠴᠢ ᠬᠦᠷᠭᠡᠬᠦ ᠴᠢᠳᠠᠪᠤᠷᠢ ᠶᠢ 40% ᠪᠠᠶᠢᠭᠰᠠᠨ ᠠᠴᠠ 90% ᠪᠣᠯᠭᠠᠨ ᠳᠡᠭᠡᠭᠰᠢᠯᠡᠭᠦᠯᠵᠦ᠂ ᠵᠢᠯ ᠪᠦᠷᠢ ᠳᠤᠮᠳᠠᠴᠢ ᠪᠠᠷ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ 3.2 ᠳ᠋ᠦᠩᠰᠢᠭᠤᠷ ᠺᠢᠯᠣᠸᠠᠲ ᠴᠠᠭ ᠨᠡᠮᠡᠵᠦ ᠲᠠᠷᠬᠠᠭᠠᠪᠠ ᠃ ᠱᠧᠩ ᠿᠢ ᠬᠡᠷᠡᠯ ᠴᠡᠨᠡᠭ ᠲᠤᠨᠤᠭ ᠲᠥᠬᠦᠭᠡᠷᠦᠮᠵᠢ ᠦᠢᠯᠡᠳᠬᠦ ᠲᠦᠷᠦᠯ ᠵᠦᠢᠯ ᠢ ᠵᠢᠯ ᠤᠨ ᠳᠣᠲᠣᠷ᠎ᠠ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠶᠢ ᠡᠬᠢᠯᠡᠭᠦᠯᠦᠨ᠎ᠡ᠃     ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾ ᠤ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠲᠡᠷᠢᠭᠦᠨ ᠴᠢᠬᠤᠯᠠ ᠶᠠᠪᠤᠳᠠᠯ︾ ᠪᠣᠯᠭᠠᠵᠤ᠂ ᠪᠠᠶᠢᠩᠭᠤᠵᠢᠭᠤᠯᠤᠨ ᠭᠠᠳᠠᠭᠰᠢ ᠭᠠᠷᠴᠤ᠂ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠵᠤ᠂ ᠪᠥᠬᠦ ᠵᠢᠯ ᠳᠤ ᠭᠠᠳᠠᠭᠰᠢ 36 ᠤᠳᠠᠭ᠎ᠠ ᠬᠤᠳᠠᠯᠳᠤᠭᠠᠴᠢᠨ ᠤᠷᠢᠵᠤ᠂ 7 ᠲᠠᠯᠠᠪᠤᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠭᠰᠠᠨ ᠪᠥᠭᠡᠳ 6 ᠠᠵᠤ ᠠᠬᠤᠶᠢᠯᠠᠯ ᠲᠠᠢ ᠠᠮᠵᠢᠯᠲᠠ ᠲᠠᠢ ᠪᠠᠷ ᠭᠡᠷ᠎ᠡ ᠲᠣᠭᠲᠠᠵᠤ᠂ 200 ᠭᠠᠷᠤᠢ ᠠᠵᠤ ᠠᠬᠤᠶᠢᠯᠠᠯ ᠲᠠᠢ ᠵᠣᠯᠭᠠᠭᠤᠯᠤᠨ᠂ 19 ᠲᠥᠷᠥᠯ ᠵᠦᠢᠯ ᠲᠣᠭᠲᠠᠵᠤ᠂ 217.55 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 2.93 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠢᠮᠠᠭ ᠤᠨ ᠲᠠᠰ ᠤᠨ ︽ᠲᠠᠪᠤ  ᠠᠴᠠ ᠳᠣᠣᠷ᠎ᠠ ᠪᠠᠶᠢᠯᠭᠠᠬᠤ ᠦᠭᠡᠢ︾ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ      2024 ᠣᠨ ᠳᠤ᠂ ᠮᠠᠨ ᠤ ᠬᠤᠰᠢᠭᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ 10 ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 56.35 ᠳ᠋ᠦᠩᠰᠢᠭᠤᠷ ᠲᠥᠭᠦᠷᠢᠭ ᠪᠠᠶᠢᠵᠤ᠂ 2024 ᠣᠨ ᠳᠤ 15.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ ᠰᠢᠨ᠎ᠡ ᠪᠠᠷ ᠪᠠᠶᠢᠭᠤᠯᠬᠤ 5 ᠲᠥᠷᠥᠯ ᠵᠦᠢᠯ ᠪᠣᠶ᠂ ᠮᠠᠨ ᠤ ᠬᠤᠰᠢᠭᠤ ᠲᠥᠷᠥᠯ ᠵᠦᠢᠯ ᠤᠨ ᠥᠮᠴᠢᠲᠡᠨ ᠢ ᠢᠳᠡᠪᠬᠢᠲᠡᠢ ᠬᠠᠪᠰᠤᠷᠤᠨ ᠡᠯ᠎ᠡ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠵᠤ᠂  ᠡᠯ᠎ᠡ ᠵᠦᠢᠯ ᠤᠨ ᠭᠠᠷᠳᠠᠮ ᠢ ᠴᠥᠮ ᠴᠠᠭ ᠤᠨ ᠵᠠᠩᠭᠢᠯᠠᠭ᠎ᠠ ᠶᠢᠨ ᠴᠡᠭ ᠢᠶᠠᠷ ᠬᠦᠢᠴᠡᠳᠬᠡᠪᠡ᠃     ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠠᠵᠢᠯ ᠢᠶᠠᠨ ᠰᠠᠶᠢᠲᠤᠷ ᠬᠢᠵᠦ᠂ ᠲᠥᠷᠥᠯ ᠵᠦᠢᠯ ᠢ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ‌‍ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号