ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/14
ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ       3 ᠰᠠᠷ᠎ᠠ ᠶᠢᠨ 13᠎ ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠵᠠᠰᠠᠭ ᠤᠨ ᠣᠷᠳᠣᠨ ᠤ ᠳᠠᠷᠤᠭ᠎ᠠ ᠡᠷᠳᠡᠨᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠴᠡᠩᠬᠡᠯ᠂ ᠦᠯᠵᠠᠶᠢᠮᠡᠨᠲᠦ᠂ ᠵᠠᠩ ᠠᠢ ᠯᠦᠩ ᠬᠤᠷᠠᠯ ᠳᠤ ᠣᠷᠣᠯᠴᠠᠵᠠᠢ᠃       ᠬᠤᠷᠠᠯ ᠠᠴᠠ 2024 ᠣᠨ ᠤ ᠠᠶᠢᠮᠠᠭ ᠲᠠᠰ᠂  ᠬᠤᠰᠢᠭᠤ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠎ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠥᠷᠥᠯ ᠵᠦᠢᠯ ᠢ  ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ᠂ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠎ ᠨᠢ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠲᠠᠢ  ᠬᠤᠯᠪᠤᠭᠳᠠᠵᠤ᠂ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ᠂ ᠭᠠᠷᠳᠠᠮ ᠭᠦᠢᠴᠡᠳᠬᠡᠬᠦ ᠰᠠᠯᠠᠭ᠎ᠠ ᠮᠥᠴᠢᠷ ᠤᠳ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠪᠡᠶ᠎ᠡ ᠪᠠᠷ ᠢᠶᠠᠨ ᠠᠳᠬᠤᠵᠤ᠂ ᠪᠣᠳᠠᠲᠠᠢ ᠠᠳᠬᠤᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠵᠢᠭᠰᠠᠭᠠᠵᠤ᠂ ᠨᠢᠭᠡ ᠲᠦᠷᠦᠯ ᠵᠦᠢᠯ ᠳᠤ ᠨᠢᠭᠡ ᠪᠠᠶᠢᠳᠤᠬᠤ ᠪᠤᠳᠤᠯᠭ᠎ᠠ ᠳᠤᠭᠳᠠᠭᠠᠨ᠂ ᠭᠠᠷ ᠭᠦᠢᠴᠡᠳᠬᠡᠯ ᠤᠨ ᠵᠠᠩᠭᠢᠯᠠᠭ᠎ᠠ ᠶᠢᠨ ᠭᠤᠭᠴᠤᠭ᠎ᠠ ᠪᠠ ᠵᠠᠩᠭᠢᠯᠠᠭ᠎ᠠ ᠶᠢᠨ ᠬᠤᠭᠤᠴᠠᠭ᠎ᠠ ᠶᠢ ᠲᠣᠳᠣᠷᠬᠠᠶᠢᠯᠠᠵᠤ᠂ ᠪᠣᠳᠠᠲᠠᠢ ᠳᠤ ᠨᠠᠶᠢᠳᠠᠪᠤᠷᠢᠵᠢᠭᠰᠠᠨ ᠲᠦᠷᠦᠯ ᠵᠦᠢᠯ ᠢ ᠡᠷᠲᠡ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ ᠠᠵᠤ ᠠᠬᠤᠶᠢᠯᠠᠯ ᠤᠨ ᠬᠥᠭᠵᠢᠯᠲᠡ ᠳᠤ ᠥᠨᠳᠥᠷ ᠪᠦᠲᠦᠮᠵᠢᠲᠡᠢ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠬᠠᠩᠭᠠᠬᠤ ᠬᠡᠷᠡᠭᠲᠡᠢ᠃ ᠡᠯ᠎ᠡ ᠲᠥᠷᠥᠯ ᠵᠦᠢᠯ ᠤᠨ ᠨᠢᠭᠡᠴᠡ ᠨᠢ ᠭᠠᠷᠳᠠᠮ ᠭᠦᠢᠴᠡᠳᠬᠡᠬᠦ ᠪᠠ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠴᠢᠨᠠᠷ ᠰᠠᠶᠢᠲᠠᠢ ᠲᠣᠨᠣᠭᠯᠠᠵᠤ᠂ ᠭᠠᠷᠳᠠᠮ ᠭᠦᠢᠴᠡᠳᠬᠡᠬᠦ ᠶᠢ ᠡᠷᠲᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃     ᠬᠤᠰᠢᠭᠤᠨ ᠤ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ᠂ ᠡᠯ᠎ᠡ ᠲᠥᠷᠥᠯ ᠵᠦᠢᠯ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号