ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠪᠤᠷᠢ ᠶᠢᠨ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠰᠠᠬᠢᠪᠠ
ᠨᠡᠶᠢᠲᠡᠯᠡᠭᠰᠡᠨ ᠴᠠᠭ᠄
2024/3/14
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠪᠤᠷᠢ ᠶᠢᠨ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠰᠠᠬᠢᠪᠠ     ᠡᠨᠡ ᠵᠢᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤᠮᠳᠠᠳᠤ  ᠶᠢᠨ ᠦᠨᠳᠦᠰᠦᠲᠡᠨ ᠤ ᠬᠠᠮᠲᠤ   ᠶᠢᠨ ᠴᠣᠭᠴᠠ  ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ᠂ ᠬᠡᠦᠬᠡᠳ ᠤᠨ ᠠᠰᠠᠷᠠᠮᠵᠢ᠂ ᠨᠠᠰᠤᠲᠠᠶᠢᠴᠤᠳ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ‍ᠤᠨ‌ᠦᠨᠳᠦᠰᠦᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ  ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠤᠯᠭᠤᠬᠤ ᠬᠡᠷᠡᠭᠲᠠᠢ᠃    ᠣᠲᠣ ᠪᠣᠯᠲᠠᠯ᠎ᠠ᠂ ᠨᠢᠭᠡᠳᠦᠭᠡᠷ ᠤᠯᠠᠷᠢᠯ ᠳᠤ ᠡᠯ᠎ᠡ ᠲᠥᠷᠥᠯ ᠤᠨ ᠬᠦᠴᠢᠷᠳᠡᠯᠲᠡᠢ ᠣᠯᠠᠨ ᠲᠦᠮᠡᠨ ᠤ ᠠᠪᠤᠷᠠᠨ ᠲᠤᠰᠠᠯᠠᠬᠤ ᠪᠡᠯᠡ ᠮᠥᠩᠭᠦ 1531.43 ᠲᠦᠮᠡᠨ ᠲᠥᠭᠦᠷᠢᠭ ᠢ ᠲᠤᠭ᠎ᠠ ᠶᠣᠰᠣᠭᠠᠷ ᠪᠠᠷ ᠲᠠᠷᠬᠠᠭᠠᠵᠤ᠂ 16823 ᠬᠥᠮᠥᠨ ᠤᠳᠠᠭ᠎ᠠ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ᠃ ᠡᠭᠦᠨ ᠳᠤ᠄ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ 8763 ᠡᠲᠡᠭᠡᠳ ᠲᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ 1052.5 ᠲᠦᠮᠡᠨ ᠲᠥᠭᠦᠷᠢᠭ ᠲᠠᠷᠬᠠᠭᠠᠵᠤ᠂ 430 ᠣᠨᠴᠠ ᠬᠦᠴᠢᠷᠳᠡᠯᠲᠡᠢ ᠠᠰᠠᠷᠠᠨ ᠲᠡᠵᠢᠭᠡᠬᠦ  ᠡᠲᠡᠬᠡᠳ ᠲᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ 167.2 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠥᠰ ᠲᠤ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠮᠥᠩᠭᠦ 45.63 ᠲᠦᠮᠡᠨ ᠲᠥᠭᠦᠷᠢᠭ᠂ ᠲᠦᠷ ᠳᠤᠰᠠᠯᠠᠬᠤ ᠬᠦᠴᠢᠷᠳᠡᠯ ᠲᠠᠢ ᠣᠯᠠᠨ ᠲᠦᠮᠡᠨ ᠢ 231 ᠬᠥᠮᠥᠨ ᠤᠳᠠᠭ᠎ᠠ 55.18 ᠲᠦᠮᠡᠨ ᠲᠥᠭᠦᠷᠢᠭ ᠲᠤᠰᠠᠯᠠᠵᠤ᠂ 1722 ᠶᠠᠳᠠᠭᠤ ᠬᠦᠴᠢᠷᠳᠡᠯᠲᠡᠢ ᠵᠡᠮᠳᠡᠭᠴᠦᠳ ᠲᠤ 51.52 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ 1047  ᠨᠡᠷᠡᠰ ᠬᠦᠨᠳᠦ ᠳᠡᠰ ᠤᠨ ᠵᠡᠮᠳᠡᠭᠴᠦᠳ ᠲᠤ 31.33 ᠲᠦᠮᠡᠨ ᠲᠥᠭᠦᠷᠢᠭ ᠤᠨ ᠰᠤᠪᠢᠯᠠᠯᠲᠠ ᠶᠢᠨ ᠨᠥᠬᠦᠪᠦᠷᠢ ᠣᠯᠭᠤᠵᠤ᠂ 2384 ᠪᠦᠬᠦᠯᠢ 77 ᠨᠠᠰᠤᠨ  ᠠᠴᠠ ᠳᠡᠭᠡᠭᠰᠢᠬᠢ ᠥᠨᠳᠥᠷ ᠨᠠᠰᠤᠲᠠᠨ ᠳᠤ ᠥᠨᠳᠥᠷ ᠨᠠᠰᠤᠲᠠᠨ ᠤ ᠨᠦᠬᠦᠪᠦᠷᠢ 81.15 ᠲᠦᠮᠡᠨ ᠲᠥᠭᠦᠷᠢᠭ ᠣᠯᠭᠤᠵᠤ᠂ 19 ᠨᠡᠷᠡᠰ ︽ᠭᠤᠷᠪᠠᠨ ᠠᠷᠠᠳ︾ ᠲᠤ 6.77 ᠲᠦᠮᠡᠨ ᠲᠥᠭᠦᠷᠢᠭ ᠤᠨ ᠨᠦᠬᠦᠪᠦᠷᠢ ᠣᠯᠭᠤᠵᠤ᠂ 2 ᠥᠨᠥᠴᠢᠨ ᠬᠡᠦᠬᠡᠳ ᠪᠠ 13 ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ 6.65 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠮᠥᠩᠭᠦ ᠣᠯᠭᠤᠵᠤ᠂ 2033 ᠨᠡᠷᠡᠰ ᠪᠦᠬᠦᠯᠢ 70 ᠨᠠᠰᠤᠨ ᠠᠴᠠ ᠪᠦᠬᠦᠯᠢ 76 ᠨᠠᠰᠤᠨ ᠤ ᠠᠵᠤ ᠠᠬᠤᠢ ᠶᠢᠨ ᠬᠦᠴᠢᠷᠳᠡᠯ ᠲᠠᠢ ᠨᠠᠰᠤᠲᠠᠨ ᠳᠤ ᠦᠢᠯᠡᠴᠢᠯᠡᠭᠡᠨ ᠤ ᠨᠥᠬᠦᠪᠦᠷᠢ 29.97 ᠲᠦᠮᠡᠨ ᠲᠥᠭᠦᠷᠢᠭ ᠣᠯᠭᠤᠵᠤ᠂ 179 ᠨᠡᠷᠡᠰ ᠪᠦᠬᠦᠯᠢ 60 ᠨᠠᠰᠤᠨ ᠠᠴᠠ ᠳᠡᠭᠡᠭᠰᠢᠬᠢ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠨ ᠳᠤ 3.69 ᠲᠦᠮᠡᠨ ᠲᠥᠭᠦᠷᠢᠭ ᠤᠨ ᠰᠤᠪᠢᠯᠠᠯᠲᠠ ᠶᠢᠨ ᠨᠥᠬᠦᠪᠦᠷᠢ ᠣᠯᠭᠤᠪᠠ᠃ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ︾ ᠶᠢ ᠪᠡᠶᠡᠯᠡᠭᠦᠯᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠵᠤ᠂ ᠠᠷᠠᠳ ᠤᠨ ᠠᠮᠢᠳᠤᠷᠠᠯ ᠤᠨ ᠦᠨᠳᠦᠰᠤᠨ ᠪᠠᠳᠤᠯᠭ᠎ᠠ ᠶᠢᠨ ᠬᠤᠷᠢᠭ᠎ᠠ ᠱᠤᠭᠤᠮ ᠢ ᠪᠠᠲᠦ ᠰᠠᠬᠢᠬᠤ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号