ᠰᠢᠩ ᠶᠣᠣ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
ᠰᠢᠩ ᠶᠣᠣ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ      3 ᠰᠠᠷ᠎ᠠ ᠶᠢᠨ 15᠎ ᠤ ᠡᠳᠦᠷ᠂ ᠮᠠᠨ ᠤ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠤᠷᠢᠨ ᠳᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠬᠢᠵᠡᠢ᠃ ᠪᠠᠯᠭᠠᠰᠤᠨ ᠤ ᠭᠡᠷ ᠲᠡᠭᠡᠨ ᠪᠠᠶᠢᠭ᠎ᠠ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠶᠠᠳᠤᠭᠠᠷ ᠳᠡᠰ ᠤᠨ ᠦᠷᠳᠡᠬᠡᠨ ᠬᠠᠷᠢᠭᠤᠴᠠᠯᠭᠠᠲᠠᠨ᠂ ᠺᠠᠳ᠋ᠷ ᠠᠵᠢᠯᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ︵ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ︶ ᠬᠤᠷᠠᠯ ᠳᠤ ᠣᠷᠣᠯᠴᠠᠪᠠ᠃
微信图片_20240319205904_副本.jpg
     ᠬᠤᠷᠠᠯ ᠠᠴᠠ ᠵᠢᠭᠠᠵᠤ ᠭᠠᠷᠭᠠᠭᠰᠠᠨ ᠨᠢ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠪᠣᠯ ᠠᠮᠤᠷ ᠲᠦᠪᠰᠢᠨ ᠤ ᠪᠠᠶᠢᠭᠤᠯᠤᠯᠲᠠ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠰᠢᠯᠭᠠᠬᠤ ᠪᠠᠷᠢᠮᠵᠢᠶ᠎ᠠ ᠱᠤᠭᠤᠮ ᠮᠥᠨ᠂ ᠨᠡᠶᠢᠭᠡᠮ ᠤᠨ ᠠᠮᠤᠷ ᠲᠦᠪᠰᠢᠨ ᠢ ᠦᠨᠡᠯᠡᠬᠦ ᠵᠦᠭᠯᠡᠭᠦᠷ ᠮᠥᠨ᠂ ᠠᠮᠤᠷ ᠠᠮᠤᠭᠤᠯᠠᠩ ᠰᠢᠩ ᠶᠤᠤ᠂ ᠬᠠᠤᠯᠢ ᠪᠠᠷ ᠵᠠᠰᠠᠬᠤ ᠰᠢᠩ ᠶᠤᠤ ᠶᠢᠨ ᠪᠠᠶᠢᠭᠤᠯᠤᠯᠲᠠ ᠶᠢ ᠠᠬᠢᠭᠤᠯᠬᠤ ᠲᠦᠯᠬᠢᠭᠴᠢ ᠮᠥᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠵᠢᠯ ᠤᠨ ᠣᠶᠢᠯᠠᠭᠠᠭᠳᠠᠬᠤᠨ ᠢ ᠪᠠᠲᠤᠳᠬᠠᠵᠤ᠂ ᠠᠮᠢᠨ ᠬᠡᠷᠡᠭ ᠤᠨ ︽ᠰᠡᠷᠭᠡᠶᠢᠯᠡᠵᠦ ᠪᠣᠯᠬᠤ ᠶᠢ ᠡᠷᠬᠡᠪᠰᠢ ᠰᠡᠷᠭᠡᠶᠢᠯᠡᠬᠦ︾ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃     ᠬᠤᠷᠠᠯ ᠠᠴᠠ᠂ ᠨᠢᠭᠡ ᠳᠤ ︽ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠬᠤ᠂ ᠶᠡᠬᠡᠪᠡᠷ  ᠵᠢᠭᠰᠠᠭᠠᠨ ᠪᠠᠶᠢᠴᠠᠭᠠᠬᠤ︾ ᠠᠵᠢᠯᠯᠠᠭ᠎ᠠ ᠲᠠᠢ ᠤᠶᠠᠯᠳᠤᠭᠤᠯᠵᠤ᠂ ᠭᠡᠷ ᠪᠦᠯᠢ ᠶᠢᠨ ᠵᠥᠷᠢᠴᠡᠯ᠂ ᠬᠥᠷᠰᠢ ᠵᠡᠷᠭᠡᠯᠡᠳᠡᠭᠡ ᠵᠢᠨ‌ᠬᠠᠷᠢᠴᠠᠭ᠎ᠠ᠂ ᠭᠠᠵᠠᠷ ᠰᠢᠷᠣᠢ ᠶᠢᠨ ᠵᠢᠭᠤᠷᠠᠯᠳᠤᠭᠠᠨ ᠵᠡᠷᠭᠡ ᠵᠥᠷᠢᠴᠡᠯ ᠠᠮᠠᠷᠬᠠᠨ ᠡᠭᠦᠰᠬᠦ ᠬᠦᠷᠢᠶᠡᠨ ᠳᠤ ᠭᠤᠣᠯᠳᠠᠯᠭ᠎ᠠ ᠲᠠᠢ ᠪᠠᠷ ︽ᠲᠣᠣᠷ ᠲᠠᠲᠠᠬᠤ ᠮᠠᠶ᠋ᠢᠭ︾᠎ ᠤᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠡᠷᠲᠡ ᠠᠴᠠ ᠢᠯᠡᠷᠡᠭᠦᠯᠵᠦ᠂ ᠤᠷᠢᠳᠴᠢᠯᠠᠨ ᠰᠡᠷᠭᠡᠶᠢᠯᠡᠵᠦ᠂ ᠪᠠᠭ᠎ᠠ ᠠᠴᠠ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠦᠯᠵᠢᠶᠡᠨ ᠤ ᠲᠠᠰᠤᠯᠤᠭᠴᠢ᠂ ᠡᠶᠡᠳᠡᠭᠦᠯᠦᠭᠴᠢ᠂ ᠴᠠᠭᠳᠠᠭᠠᠨ ᠤ ᠶᠠᠪᠤᠳᠠᠯ ᠤᠨ ᠲᠤᠰᠠᠯᠠᠭᠴᠢ ᠵᠡᠷᠭᠡ ᠤᠯᠠᠨ ᠲᠦᠮᠡᠨ ᠤ ᠰᠡᠷᠭᠡᠶᠢᠯᠡᠯᠲᠡ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠲᠠᠯᠠᠪᠤᠷ ᠵᠢᠴᠢ ᠨᠡᠭᠦᠳᠡᠯ ᠬᠥᠮᠥᠰ ᠤᠨ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠵᠤ᠂ ᠡᠯ᠎ᠡ ᠲᠣᠰᠬᠤᠨ ᠤ ᠵᠢᠷᠭᠢᠶ᠎ᠡ ᠶᠢᠨ ᠤᠯᠠᠨ ᠲᠦᠮᠡᠨ ᠤ ᠦᠢᠯᠡᠳᠦᠯ ᠢ ᠪᠠᠳᠠᠷᠠᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠪᠠᠶᠢᠩᠭᠤᠵᠢᠭᠤᠯᠵᠤ᠂ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠨᠢᠭᠡ ᠲᠠᠯ᠎ᠠ ᠶᠢᠨ ᠠᠮᠤᠷ ᠠᠮᠤᠭᠤᠯᠠᠩ ᠢ ᠪᠠᠲᠤᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠶᠢ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠢ ᠠᠬᠢᠭᠤᠯᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠰᠢᠩ ᠶᠣᠣ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号