ᠰᠢᠩ ᠶᠣᠣ ᠪᠠᠯᠭᠠᠰᠤ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ﹀ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠱᠦᠵᠢ ᠠᠴᠠ ᠱᠦᠵᠢ ᠳᠤ  ᠬᠡᠯᠡᠬᠦ︾ ᠤᠬᠠᠭᠤᠯᠤᠨ ᠲᠠᠶᠢᠯᠪᠤᠷᠢᠯᠠᠬᠤ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
ᠰᠢᠩ ᠶᠣᠣ ᠪᠠᠯᠭᠠᠰᠤ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ﹀ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠱᠦᠵᠢ ᠠᠴᠠ ᠱᠦᠵᠢ ᠳᠤ  ᠬᠡᠯᠡᠬᠦ︾ ᠤᠬᠠᠭᠤᠯᠤᠨ ᠲᠠᠶᠢᠯᠪᠤᠷᠢᠯᠠᠬᠤ ᠬᠤᠷᠠᠯ  ᠢ ᠬᠤᠷᠠᠯᠳᠤᠭᠤᠯᠪᠠ
微信图片_2副本.jpg
       ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ︽ᠨᠠᠮ ᠤᠨ ᠠᠴᠢ ᠎ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠴᠦᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠦᠷᠦᠬᠦᠤ  ᠭᠠᠯᠠᠭᠤᠨ ᠤ ᠵᠠᠮᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ 3 ᠰᠠᠷ᠎ᠠ ᠶᠢᠨ 15᠎ ᠤ ᠡᠳᠦᠷ᠂ ᠮᠠᠨ ᠤ ᠪᠠᠯᠭᠠᠰᠤ ︽ᠨᠠᠮ ᠤᠨ ᠠᠴᠢ ᠎ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠱᠦᠵᠢ ᠠᠴᠠ ᠱᠦᠵᠢ ᠳᠤ ︽ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ︵ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ︶᠂ ᠦᠨᠳᠦᠰᠦᠨ ᠱᠠᠲᠤᠨ ᠤ ᠡᠪᠯᠡᠯ ᠤᠨ ᠺᠠᠳ᠋ᠷᠴᠤᠳ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃     ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠮᠠ ᠭᠧᠦ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠪᠠᠢ ᠯᠢ ᠮᠢᠨ ᠤᠬᠠᠭᠤᠯᠤᠨ ᠲᠠᠶᠢᠯᠪᠤᠷᠢᠯᠠᠵᠤ᠂ ᠨᠠᠷᠢᠨ ᠪᠣᠳᠠᠲᠠᠢ᠂ ᠰᠢᠭᠤᠳ ᠦᠵᠡᠭᠦᠯᠦᠯᠭᠡ ᠶᠢᠨ ᠲᠡᠦᠬᠡᠨ ᠮᠠᠲ᠋ᠧᠷᠢᠶᠠᠯ ᠪᠣᠯᠣᠨ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠶᠠᠪᠤᠴᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠥᠷᠨᠢᠭᠦᠯᠦᠭᠰᠡᠨ ᠴᠥᠬᠦᠷᠡᠰᠢ ᠦᠭᠡᠢ ᠲᠡᠮᠡᠴᠡᠯ ᠤᠨ ᠲᠡᠦᠬᠡ᠂ ᠤᠨᠤᠯ ᠤᠨ ᠰᠦᠪᠡᠭᠴᠢᠯᠡᠯᠲᠡ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ ᠪᠣᠯᠣᠨ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠲᠣᠭᠠᠴᠢᠨ ᠶᠠᠷᠢᠵᠤ᠂ ︽ᠵᠢᠷᠭᠤᠭᠠᠨ ᠥᠭᠦᠯᠡᠪᠦᠷᠢ︾᠎ ᠶᠢᠨ ᠪᠠᠶᠠᠯᠢᠭ ᠠᠭᠤᠯᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠵᠠᠳᠠᠯᠤᠨ ᠰᠢᠨᠵᠢᠯᠡᠵᠦ᠂ ᠤᠯᠠᠨ ᠳᠤ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠤᠨ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠠᠯᠪᠢᠵᠤ ᠪᠠᠶᠢᠭ᠎ᠠ ᠬᠠᠯᠠᠮᠵᠢᠯᠠᠯ ᠪᠣᠯᠣᠨ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠭᠤᠯᠤᠭᠰᠠᠨ ᠪᠠᠶᠢᠨ᠎ᠠ᠃ ᠡᠭᠦᠨ ᠤ ᠵᠡᠷᠭᠡᠪᠡᠷ᠂ ᠤᠬᠠᠭᠤᠯᠤᠨ ᠲᠠᠶᠢᠯᠪᠤᠷᠢᠯᠠᠭᠴᠢ ︽ᠪᠡᠶ᠎ᠡ ᠪᠠᠷ ᠢᠶᠠᠨ ᠥᠩᠭᠡᠷᠡᠭᠦᠯᠦᠭᠴᠢ᠂ ᠭᠡᠷᠡᠴᠢᠯᠡᠭᠴᠢ᠂ ᠬᠠᠮᠲᠤ ᠪᠠᠷ ᠡᠳ᠋ᠯᠡᠭᠴᠢ︾᠎ ᠶᠢᠨ ᠪᠡᠶ᠎ᠡ ᠭᠠᠷᠤᠯ ᠪᠠ ᠬᠠᠷᠠᠭᠠᠰᠠ ᠪᠠᠷ᠂ ᠠᠷᠠᠳ ᠲᠦᠮᠡᠨ ᠳᠤ ᠦᠢᠯᠡᠴᠢᠯᠡᠵᠦ ᠪᠣᠳᠠᠲᠠᠢ ᠶᠠᠪᠤᠳᠠᠯ ᠪᠦᠲᠦᠭᠡᠬᠦ ᠲᠠᠢ ᠤᠶᠠᠯᠳᠤᠭᠤᠯᠵᠤ᠂ ᠳᠡᠷᠭᠡᠳᠡᠬᠢ ᠵᠢᠱᠢᠶ᠎ᠡ ᠪᠠᠷ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠶᠠᠷᠢᠵᠤ᠂ ᠪᠦᠬᠦ ᠪᠠᠯᠭᠠᠰᠤᠨ ᠤ ᠡᠯ᠎ᠡ ᠲᠣᠰᠬᠤᠨ ᠤ ᠤᠯᠠᠨ ᠵᠢᠯ ᠤᠨ ᠲᠤᠷᠰᠢᠬᠢ ᠬᠥᠭᠵᠢᠯᠲᠡ ᠶᠢᠨ ᠦᠯᠢᠭᠡᠷ ᠢ ᠶᠠᠷᠢᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠰᠣᠨᠣᠰᠤᠭᠴᠢ ᠨᠢᠭᠡᠪᠦᠷᠢ ᠳᠤ ᠨᠠᠮ ᠤᠨ ᠠᠷᠠᠳ ᠲᠤ ᠠᠰᠢᠭ ᠬᠦᠷᠲᠡᠭᠡᠬᠦ ᠰᠠᠶᠢᠨ ᠲᠦᠷᠦ ᠶᠢᠨ ᠪᠣᠳᠣᠯᠭ᠎ᠠ ᠶᠢ ᠦᠨᠡᠨᠬᠦ ᠮᠡᠳᠡᠷᠡᠭᠦᠯᠵᠡᠢ᠃     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠪᠥᠬᠦ ᠪᠠᠯᠭᠠᠰᠤᠨ ᠤ ᠳᠡᠭᠡᠷ᠎ᠡ ᠳᠣᠣᠷ᠎ᠠ ᠱᠠᠲᠤᠨ ᠳᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠎ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠦᠨᠡᠨ ᠬᠦ ᠠᠬᠢᠭᠤᠯᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号