ᠰᠢᠩ ᠶᠣᠣ ᠪᠠᠯᠭᠠᠰᠤ ︽ᠨᠣᠮ ᠤᠨ ᠰᠤᠷᠪᠤᠯᠵᠢᠲᠤ ᠨᠡᠶᠢᠭᠡᠮ  ᠪᠥᠬᠦ ᠠᠷᠠᠳ ᠢᠶᠠᠷ ᠢᠶᠠᠨ ᠨᠣᠮ ᠤᠩᠰᠢᠬᠤ︾  ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/19
ᠰᠢᠩ ᠶᠣᠣ ᠪᠠᠯᠭᠠᠰᠤ ︽ᠨᠣᠮ ᠤᠨ ᠰᠤᠷᠪᠤᠯᠵᠢᠲᠤ ᠨᠡᠶᠢᠭᠡᠮ   ᠪᠥᠬᠦ ᠠᠷᠠᠳ ᠢᠶᠠᠷ ᠢᠶᠠᠨ ᠨᠣᠮ ᠤᠩᠰᠢᠬᠤ︾  ᠬᠤᠷᠠᠯ ᠥᠷᠨᠢᠭᠦᠯᠪᠡ   ︽ᠨᠣᠮ ᠤᠨ ᠰᠤᠷᠪᠤᠯᠵᠢᠲᠤ ᠨᠡᠶᠢᠭᠡᠮ︾᠎ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 13᠎ ᠤ ᠡᠳᠦᠷ᠂ ᠮᠠᠨ ᠤ ᠪᠠᠯᠭᠠᠰᠤᠨ ᠤ ᠬᠢᠨ ᠲᠠᠯ᠎ᠠ ᠨᠤᠲᠤᠭ ᠤᠨ ᠨᠣᠮ ᠤᠨ ᠥᠷᠥᠭᠡ ᠪᠠᠷ ᠵᠢᠭᠰᠠᠭᠠᠯ ᠤᠨ ᠭᠠᠵᠠᠷ ᠪᠣᠯᠭᠠᠵᠤ ︽ᠨᠣᠮ ᠤᠨ ᠰᠤᠷᠪᠤᠯᠵᠢᠲᠤ ᠨᠡᠶᠢᠭᠡᠮ  ᠪᠥᠬᠦ ᠠᠷᠠᠳ ᠢᠶᠠᠷ ᠢᠶᠠᠨ ᠨᠣᠮ ᠤᠩᠰᠢᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ᠂ ᠤᠩᠰᠢᠯᠭ᠎ᠠ ᠶᠢᠨ ᠰᠠᠶᠢᠬᠠᠨ ᠢ ᠣᠯᠠᠨ ᠳᠤ ᠮᠡᠳᠡᠷᠡᠭᠦᠯᠵᠦ᠂ ᠤᠩᠰᠢᠯᠭ᠎ᠠ ᠶᠢᠨ ᠠᠶᠠᠯᠠᠯ ᠢ ᠪᠠᠶᠠᠷ ᠬᠥᠷ ᠲᠠᠢ ᠡᠳ᠋ᠯᠡᠭᠦᠯᠪᠡ᠃    ᠠᠵᠢᠯᠯᠠᠭ᠎ᠠ ᠶᠢᠨ ᠳᠤᠮᠳᠠ᠂ ᠣᠯᠠᠨ ᠢ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ ᠴᠢᠳᠠᠮᠠᠭᠠᠢ︾ ᠰᠠᠶᠢᠨ ᠳᠠᠳᠬᠠᠯ ᠲᠠᠢ ᠪᠣᠯᠭᠠᠬᠤ ᠶᠢ ᠵᠣᠷᠢᠭᠵᠢᠭᠤᠯᠵᠤ᠂ ᠭᠠᠷ ᠤᠲᠠᠰᠤ ᠪᠠᠨ ᠬᠠᠶᠠᠵᠤ ᠤᠩᠰᠢᠯᠭ᠎ᠠ ᠶᠢᠨ ᠶᠢᠷᠲᠢᠨᠴᠦ ᠳᠤ ᠣᠷᠣᠵᠤ᠂ ᠤᠩᠰᠢᠯᠭ᠎ᠠ ᠶᠢᠨ ᠪᠠᠶᠠᠷ ᠪᠠᠶᠠᠰᠤᠯ ᠢ ᠡᠳ᠋ᠯᠡᠭᠦᠯᠵᠦ᠂ ᠤᠩᠰᠢᠯᠭ᠎ᠠ ᠶᠢ ᠠᠵᠢᠯ ᠤᠨ ᠴᠢᠯᠦᠭᠡᠨ ᠤ ᠠᠮᠢᠳᠤᠷᠠᠯ ᠤᠨ ᠡᠩ ᠤᠨ ᠶᠠᠪᠤᠳᠠᠯ ᠪᠣᠯᠭᠠᠬᠤ ᠶᠢ ᠬᠥᠲᠥᠯᠥᠨ ᠵᠢᠯᠤᠭᠤᠳᠪᠠ
1.jpg   
    ᠡᠨᠡ ᠤᠳᠠᠭ᠎ᠠ ᠶᠢᠨ ︽ᠪᠢᠴᠢᠭ ᠤᠨ ᠰᠤᠷᠪᠤᠯᠵᠢᠲᠤ ᠨᠡᠶᠢᠭᠡᠮ   ᠪᠥᠬᠦ ᠠᠷᠠᠳ ᠢᠶᠠᠷ ᠢᠶᠠᠨ ᠨᠣᠮ ᠤᠩᠰᠢᠬᠤ︾ ᠬᠤᠷᠠᠯ ᠢ ᠥᠷᠨᠢᠭᠦᠯᠦᠭᠰᠡᠨ ᠨᠢ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠬᠤᠭᠤᠷᠣᠨᠳᠣᠬᠢ ᠨᠥᠬᠦᠷᠯᠡᠯ ᠢ ᠴᠦ ᠵᠤᠵᠠᠭᠠᠳᠬᠠᠵᠠᠢ᠃ ᠬᠤᠶᠢᠰᠢᠳᠠ ᠮᠠᠨ ᠤ ᠪᠠᠯᠭᠠᠰᠤᠨ ᠤ ᠬᠢᠨ ᠬᠠᠷᠢᠶ᠎ᠠ ᠣᠷᠣᠨ ᠤ ᠪᠠᠨ ᠰᠣᠶᠣᠯ ᠤᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠩᠰᠢᠯᠭ᠎ᠠ ᠶᠢ ᠠᠯᠬᠤᠮ ᠠᠯᠬᠤᠮ ᠢᠶᠠᠷ ᠤᠯᠠᠨ ᠤ ᠠᠮᠢᠳᠤᠷᠠᠯ ᠤᠨ ᠠᠷᠭ᠎ᠠ ᠬᠡᠯᠪᠡᠷᠢ ᠪᠠ ᠦᠢᠯᠡ ᠠᠵᠢᠯᠯᠠᠭᠠᠨ ᠤ ᠳᠠᠳᠬᠠᠯ ᠪᠣᠯᠭᠠᠵᠤ᠂ ᠤᠯᠠᠨ ᠢ ᠬᠠᠪᠰᠤᠷᠤᠨ ᠤᠩᠰᠢᠯᠭ᠎ᠠ ᠶᠢᠨ ᠳᠤᠮᠳᠠ ᠬᠥᠮᠥᠨ ᠤ ᠠᠮᠢᠳᠤᠷᠠᠯ ᠢ ᠣᠶᠢᠯᠠᠭᠠᠭᠤᠯᠵᠤ᠂ ᠤᠶᠤᠨ ᠤᠬᠠᠭᠠᠨ ᠢ ᠎ ᠨᠢ ᠨᠡᠮᠡᠭᠳᠡᠭᠦᠯᠦᠨ᠎ᠡ᠃
 
ᠢᠷᠡᠯᠲᠡ᠄ ᠰᠢᠩ ᠶᠣᠣ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号