ᠪᠤᠯᠠᠭᠠᠨᠳᠤᠬᠤᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠲᠣᠭᠲᠠᠭᠠᠯ ᠤᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/19
 ᠪᠤᠯᠠᠭᠠᠨᠳᠤᠬᠤᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠲᠣᠭᠲᠠᠭᠠᠯ ᠤᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 18᠎ ᠤ ᠡᠳᠦᠷ ᠮᠠᠨ ᠤ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠣᠭᠲᠠᠭᠠᠯ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ᠃
微信图片_20240本.jpg   
    ᠬᠤᠷᠠᠯ ᠳᠤ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠪᠦᠷᠢᠨᠵᠠᠩᠭ᠎ᠠ ︽ᠰᠢᠯᠢ ᠶᠢᠨ ᠭᠤᠣᠯ ᠠᠶᠢᠮᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ ᠤᠨ ᠲᠣᠭᠲᠠᠭᠠᠯ︾᠎ ᠢ ᠤᠯᠠᠮᠵᠢᠯᠠᠨ ᠰᠤᠷᠤᠯᠴᠠᠵᠤ᠂ ᠬᠠᠤᠯᠢ ᠲᠣᠭᠲᠠᠭᠠᠯ ᠤᠨ ᠲᠠᠶᠢᠯᠤᠮᠵᠢ᠂ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠳᠤ ᠭᠠᠷᠬᠤ ᠪᠡᠯᠡᠳᠬᠡᠯ᠂ ᠪᠠᠶᠢᠴᠠᠭᠠᠯᠲᠠ ᠬᠢᠬᠦ᠂ ᠪᠠᠶᠢᠴᠠᠭᠠᠵᠤ ᠭᠡᠷᠡᠴᠢ ᠠᠪᠬᠤ᠂ ᠳᠡᠩᠰᠡᠯᠡᠵᠦ ᠬᠡᠷᠡᠭ ᠪᠣᠯᠭᠠᠨ ᠳᠠᠩᠰᠠᠯᠠᠬᠤ ᠪᠠ ᠲᠤᠭ᠎ᠠ ᠪᠠᠷᠢᠮᠲᠠ ᠶᠢ ᠬᠠᠳᠠᠭᠠᠯᠠᠬᠤ ᠪᠥᠬᠦ ᠶᠠᠪᠤᠴᠠ ᠶᠢᠨ ᠪᠣᠳᠠᠲᠠᠢ ᠪᠣᠯᠪᠠᠰᠤᠷᠠᠯ ᠤᠨ ᠵᠢᠯᠣᠭᠤᠳᠤᠯᠭ᠎ᠠ ᠬᠢᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯ ᠢ ᠲᠣᠭᠠᠴᠢᠯᠠᠬᠤ᠂ ᠪᠣᠳᠠᠲᠤ ᠪᠠᠶᠢᠯᠳᠤᠭᠠᠨᠴᠢᠯᠠᠬᠤ ᠳᠠᠭᠤᠷᠢᠶᠠᠮᠠᠯ ᠪᠣᠯᠪᠠᠰᠤᠷᠠᠯ ᠬᠢᠯᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠨᠠᠩ ᠳᠥᠭᠦᠮ ᠳᠥᠲᠡ ᠠᠷᠭ᠎ᠠ ᠵᠠᠮ ᠬᠠᠩᠭᠠᠭᠰᠠᠨ ᠪᠠᠶᠢᠨ᠎ᠠ᠃      ᠬᠤᠷᠠᠯ ᠠᠴᠠ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠯ ᠤᠨ ᠮᠠᠰᠢᠨ ᠤ ᠬᠡᠷᠡᠭᠯᠡᠯᠲᠡ ᠪᠣᠯᠣᠨ ᠬᠠᠮᠢᠶᠠᠷᠤᠯᠲᠠ ᠶᠢ ᠵᠢᠷᠤᠮᠵᠢᠭᠤᠯᠬᠤ ᠪᠣᠯ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠡᠷᠡᠭᠴᠡᠭᠡ ᠪᠣᠯᠬᠤ ᠪᠥᠭᠡᠳ ᠪᠠᠰᠠᠴᠤ ᠤᠯᠠᠨ ᠲᠦᠮᠡᠨ ᠢ ᠬᠠᠮᠠᠭᠠᠯᠠᠬᠤ ᠵᠢᠴᠢ ᠲᠤᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢᠨ ᠬᠡᠷᠡᠭᠴᠡᠭᠡ ᠪᠣᠯᠣᠨ᠎ᠠ᠃ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠰᠢᠯᠢ ᠶᠢᠨ ᠭᠤᠣᠯ ᠠᠶᠢᠮᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠣᠭᠲᠠᠭᠠᠯ︾᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠰᠥᠭ ᠪᠢᠴᠢᠭ᠂ ᠲᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠦᠶᠯᠡ ᠠᠵᠢᠯᠯᠠᠭ᠎ᠠ ᠶᠢᠨ ᠪᠥᠬᠦ ᠶᠠᠪᠤᠴᠠ ᠶᠢ ᠲᠡᠮᠳᠡᠭᠯᠡᠬᠦ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ ᠬᠡᠵᠤ ᠴᠢᠩᠭᠠᠳᠬᠠᠪᠠ᠃     ᠬᠤᠷᠠᠯ ᠠᠴᠠ ᠱᠠᠭᠠᠷᠳᠠᠭᠰᠠᠨ ᠨᠢ᠂ ᠪᠢᠳᠡ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠥᠪᠡᠷ ᠤᠨ ᠪᠠᠶᠢᠴᠠᠭᠠᠯᠲᠠ ᠬᠢᠨᠠᠯᠲᠠ ᠶᠢ ᠴᠢᠩᠭᠠᠳᠬᠠᠨ᠂ ᠰᠤᠮᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠪᠠᠬᠢᠵᠢᠭᠦᠯᠵᠦ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠂ ︽ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ︾ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠲᠤᠤᠱᠯᠠᠭᠤᠯᠵᠤ᠂ ᠰᠤᠮᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃
 
ᠢᠷᠡᠯᠲᠡ᠄ ᠪᠤᠯᠭᠠᠨᠲᠤᠬᠤᠢ  ᠰᠤᠮᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号