ᠮᠢᠨᠤ ᠦᠵᠡᠰᠬᠦᠯᠡᠩᠲᠦ ᠨᠤᠳᠤᠭ --- ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ‌‍ᠲ᠋ᠣᠰᠬᠤᠨ ᠪᠤᠯᠠᠭᠠᠨᠳᠤᠬᠤᠢ ᠰᠤᠮᠤᠨ ᠤ ᠲᠤᠯᠢᠨ ᠪᠤᠯᠠᠭ ᠭᠠᠴᠠᠭ᠎ᠠ
ᠨᠡᠶᠢᠲᠡᠯᠡᠭᠰᠡᠨ ᠴᠠᠭ᠄
2024/3/19
ᠮᠢᠨᠤ ᠦᠵᠡᠰᠬᠦᠯᠡᠩᠲᠦ ᠨᠤᠳᠤᠭ --- ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠤᠯᠠᠭᠠᠨᠳᠤᠬᠤᠢ ᠰᠤᠮᠤᠨ ᠤ ᠲᠤᠯᠢᠨ ᠪᠤᠯᠠᠭ ᠭᠠᠴᠠᠭ᠎ᠠ     ᠰᠢᠨ᠎ᠡ ᠴᠠᠭ ᠦᠶ᠎ᠡ ᠶᠢᠨ ᠪᠣᠯᠪᠠᠰᠤᠨ ᠲᠣᠰᠬᠤᠨ ᠪᠠᠯᠭᠠᠰᠤ ᠨᠢ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠣᠶᠢᠵᠢᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠲᠠᠯ᠎ᠠ ᠪᠠᠷ ᠬᠦᠴᠦ ᠣᠷᠣᠭᠤᠯᠵᠤ᠂ ᠰᠣᠶᠣᠯ ᠤᠨ ᠠᠵᠢᠯᠯᠠᠭ᠎ᠠ ᠶᠢᠨ ᠲᠠᠯ᠎ᠠ ᠪᠠᠷ ᠬᠦᠴᠦ ᠣᠷᠣᠭᠤᠯᠵᠤ᠂ ᠣᠨᠴᠠᠭᠠᠶᠢᠯᠠᠨ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠪᠠᠷ ᠳᠠᠮᠵᠢᠨ᠂ ᠮᠢᠭᠭᠠᠨ ᠪᠠᠯᠭᠠᠰᠤ ᠲᠦᠮᠡᠨ ᠲᠣᠰᠬᠤᠨ ᠳᠤ ᠬᠤᠪᠢᠷᠠᠯᠲᠠ ᠭᠠᠷᠴᠤ᠂ ᠴᠡᠯᠮᠡᠭ ᠤᠰᠤ ᠤᠷᠤᠰᠤᠨ᠂ ᠤᠢ ᠮᠣᠳᠣ ᠬᠥᠬᠡᠷᠡᠨ ᠨᠣᠭᠤᠭᠠᠷᠠᠵᠤ᠂ ᠦᠵᠡᠰᠬᠦᠯᠡᠩᠲᠦ ᠵᠢᠷᠤᠭ ᠮᠡᠲᠦ ᠦᠵᠡᠮᠵᠢ ᠲᠠᠢ ᠪᠠᠶᠢᠵᠤ᠂ ᠠᠵᠤ ᠦᠢᠯᠡᠰ ᠬᠥᠭᠵᠢᠨ ᠮᠠᠨᠳᠤᠵᠤ᠂ ᠠᠮᠢᠳᠤᠷᠠᠯ ᠪᠠᠶᠠᠨ ᠴᠢᠨᠡᠭᠡᠯᠢᠭ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠪᠣᠰᠬᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠭᠡᠯ᠂ ᠢᠯᠠᠩᠭᠤᠶ᠎ᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠭᠤᠣᠯ ᠵᠠᠭᠤᠴᠢᠯᠠᠭᠤᠷ ᠎ ᠲᠠᠬᠢ ᠰᠢᠨ᠎ᠡ ᠵᠠᠭᠤᠴᠢᠯᠠᠭᠤᠷ ᠤᠨ ᠲᠠᠪᠴᠠᠩ ᠳᠤ ︽ᠦᠵᠡᠰᠬᠦᠯᠡᠩᠲᠦ ᠰᠠᠶᠢᠬᠠᠨ ᠮᠢᠨᠤ ᠨᠤᠳᠤᠭ︾ ᠪᠤᠯᠤᠩ ᠭᠠᠷᠭᠠᠵᠤ ᠭ᠊ ᠳᠡᠯᠬᠡᠨ ᠦᠵᠡᠭᠦᠯᠦᠯᠭᠡ ᠬᠢᠪᠡ᠃       
微信图片_20240319205904_副本.jpg
 
ᠢᠷᠡᠯᠲᠡ᠄ ᠪᠤᠯᠪᠠᠰᠣᠨ ᠰᠢᠯᠤᠭᠤᠨ ᠬᠦᠪᠡᠬᠡᠲᠦ ᠴᠠᠭᠠᠨ ᠬᠤᠰᠢᠭᠤ ᠵᠢᠷᠬᠢᠶ᠎ᠡ ᠶᠢᠨ ᠳᠡᠪᠴᠡᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号