ᠮᠢᠩᠭᠠᠲᠦ ᠪᠠᠯᠭᠠᠰᠦ᠄ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ  ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/3/19
ᠮᠢᠩᠭᠠᠲᠦ ᠪᠠᠯᠭᠠᠰᠦ᠄ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ  ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠨ᠎ᠠ        ᠲᠠᠯ᠎ᠠ ᠨᠤᠲᠤᠭ ᠪᠣᠯ ᠮᠠᠨ ᠤ ᠤᠯᠤᠰ ᠤᠨ ᠲᠠᠯᠠᠪᠠᠶ ᠪᠠᠷ ᠬᠠᠮᠤᠭ ᠤᠨ ᠶᠡᠭᠡ ᠠᠮᠢ ᠠᠬᠤᠢ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠣᠯ ᠵᠢᠭᠰᠠᠭᠠᠯ ᠤᠨ ᠭᠠᠵᠠᠷ ᠮᠥᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠪᠣᠯ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠢᠭᠡ ᠵᠦᠢᠯ ᠤᠨ ᠦᠨᠳᠦᠰᠦᠨ ᠳᠦᠷᠢᠮ ᠪᠣᠯᠣᠨ᠎ᠠ᠃ ᠮᠢᠩᠭᠠᠲᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠠᠷᠢᠭᠤᠴᠠᠯᠭ᠎ᠠ᠂ ᠲᠥᠯᠥᠪᠯᠡᠭᠡ᠂ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃
微信图片_20240319205648_副本.jpg
    ᠣᠶᠢᠷ᠎ᠠ ᠳᠤ᠂ ᠮᠢᠩᠭᠠᠲᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ 10 ᠤᠳᠠᠭ᠎ᠠ ᠬᠠᠤᠯᠢ ᠬᠡᠷᠡᠭᠵᠢᠭᠦᠯᠬᠦ ᠲᠡᠷᠭᠡ᠂ 40 ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ ᠲᠣᠭᠲᠠᠭᠰᠠᠨ ᠴᠡᠭ ᠦᠭᠡᠢ᠂ ᠲᠣᠭᠲᠠᠭᠰᠠᠨ ᠴᠠᠭ ᠦᠭᠡᠢ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠦᠨ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠳᠤ ᠰᠡᠷᠡᠮᠵᠢ ᠪᠠ ᠬᠥᠮᠦᠵᠢᠯ ᠬᠢᠪᠠ᠃ ᠲᠣᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠤᠨ ᠳᠤᠮᠳᠠ ᠬᠠᠤᠯᠢ ᠬᠡᠷᠡᠭᠵᠢᠭᠦᠯᠬᠦ ᠠᠵᠢᠯᠲᠠᠨ ᠮᠠᠯᠴᠢᠨ ᠲᠠᠷᠢᠶᠠᠴᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠪᠡᠰᠦ ᠪᠡᠯᠴᠢᠭᠡᠷ ᠤᠨ ᠬᠠᠳᠠᠭᠠᠯᠠᠮᠵᠢ ᠶᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠰᠡᠷᠬᠦᠬᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠰᠡᠷᠬᠦᠬᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠬᠠᠮᠵᠢᠯᠴᠠᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠰᠡᠷᠬᠦᠬᠡᠬᠦ ᠠᠵᠢᠯ ᠢ ᠰᠠᠶᠢᠲᠤᠷ ᠥᠷᠨᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃     ᠲᠠᠷᠠᠭᠠᠴᠢ ᠶᠢᠨ ᠠᠯᠬᠤᠮ ᠳᠤ᠂ ᠮᠢᠩᠭᠠᠲᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠯᠠᠭᠠᠢ ᠪᠠᠷ ᠪᠡᠯᠴᠢᠬᠡᠷᠯᠡᠬᠦᠯᠦᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ︽ᠴᠠᠭᠠᠵᠠᠯᠠᠵᠤ ᠳᠡᠶᠢᠯᠬᠦ︾ ︽ᠳᠠᠭᠢᠵᠤ ᠥᠯᠥ  ᠪᠤᠴᠠᠬᠤ︾ ᠰᠠᠶᠢᠨ ᠰᠠᠶᠢᠬᠠᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃     
 
ᠢᠷᠡᠯᠲᠡ᠄ ᠮᠢᠩᠭᠠᠨᠲᠤ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号