ᠮᠢᠩᠭᠠᠲᠦ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ​
ᠨᠡᠶᠢᠲᠡᠯᠡᠭᠰᠡᠨ ᠴᠠᠭ᠄
2024/3/19
ᠮᠢᠩᠭᠠᠲᠦ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
微信图片_20240319205904_副本.jpg
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 15  ᠤ ᠡᠳᠦᠷ᠂ ᠮᠢᠩᠭᠠᠲᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠪᠦᠬᠦ ᠺᠠᠳ᠋ᠷ ᠠᠵᠢᠯᠲᠠᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠵᠢᠩᠬᠢᠨᠢ ᠪᠠ ᠳᠡᠳ᠋ ᠲᠤᠰᠢᠶᠠᠯᠲᠠᠨ ᠢ ᠣᠷᠣᠯᠴᠠᠭᠤᠯᠵᠠᠢ᠃      ᠬᠤᠷᠠᠯ ᠳᠡᠭᠡᠷ᠎ᠡ᠂ ᠪᠦᠬᠦ ᠺᠠᠳ᠋ᠷ ᠠᠵᠢᠯᠲᠠᠨ ᠠᠵᠢᠯᠴᠢᠨ ︽ᠵᠢᠷᠭᠤᠭᠠᠨ ᠦᠬᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ  ᠳᠤᠭᠤᠰᠢᠯᠠᠭᠤᠯᠤᠨ ᠪᠠᠬᠢᠵᠢᠬᠦᠯᠬᠦ ᠠᠷᠭ᠎ᠠ ᠬᠡᠮᠵᠢᠶ᠎ᠡ  ᠨᠦᠭᠦᠳ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠪᠤᠨ ᠶᠡᠭᠡ ᠡᠭᠦᠷᠭᠡ﹀ ᠶᠢ ᠠᠬᠢᠭᠤᠯᠬᠤ ᠳᠦᠷᠢᠮ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾  ᠢ ᠲᠥᠪᠯᠡᠷᠡᠭᠦᠯᠦᠨ  ᠰᠤᠷᠤᠯᠴᠠᠪᠠ᠃    ᠲᠤᠰ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠨᠢ ᠪᠦᠬᠦ ᠺᠠᠳ᠋ᠷ ᠠᠵᠢᠯᠲᠠᠨ ᠠᠵᠢᠯᠴᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠴᠤᠭᠴᠠᠯᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠵᠢᠴᠢ ᠡᠭᠦᠷᠭᠡ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠲᠡᠭᠦᠨ ᠤ ᠠᠵᠢᠯ ᠤᠨ ᠳᠤᠮᠳᠠᠬᠢ ᠴᠢᠬᠤᠯᠠ ᠴᠢᠨᠠᠷ ᠤᠨ ᠲᠤᠬᠠᠢ ᠪᠠᠰᠠ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠳᠠᠷᠠᠭᠠᠴᠢ ᠶᠢᠨ ᠠᠵᠢᠯ ᠢᠶᠠᠨ ᠥᠷᠨᠢᠭᠦᠯᠬᠦ ᠳᠤ ᠰᠢᠨ᠎ᠡ ᠰᠡᠳᠬᠢᠴᠡ ᠶᠢ ᠬᠠᠩᠭᠠᠵᠠᠢ᠃ ᠳᠠᠷᠠᠭᠠᠴᠢ ᠶᠢᠨ ᠠᠯᠬᠤᠮ ᠳᠤ᠂ ᠮᠢᠩᠭᠠᠲᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠤᠭᠴᠠᠯᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠯᠢᠬᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠶᠠᠷᠢᠵᠤ᠂ ᠲᠦᠷᠦᠭᠦᠯᠡᠨ ᠠᠵᠢᠯᠯᠠᠵᠤ᠂ ᠨᠠᠮ ᠤᠨ ᠭᠡᠰᠢᠭᠦᠨ ᠤᠯᠠᠨ ᠲᠦᠮᠡᠨ ᠢ ᠰᠠᠶᠢᠲᠤᠷ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠᠲᠤ ᠴᠤᠭᠴᠠᠯᠠᠵᠤ᠂ ᠪᠦᠬᠦ ᠪᠠᠯᠭᠠᠰᠤ ᠪᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︕
 
ᠢᠷᠡᠯᠲᠡ᠄ ᠮᠢᠩᠭᠠᠨᠲᠤ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号