ᠮᠢᠩᠭᠠᠲᠦ ᠪᠠᠯᠭᠠᠰᠤ᠄ ᠪᠧᠢ ᠱᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠢ ᠤᠬᠠᠭᠤᠯᠬᠤ ᠬᠦᠳᠡᠯᠬᠡᠬᠡᠨ ᠦᠷᠨᠢᠬᠦᠯᠪᠠ
ᠨᠡᠶᠢᠲᠡᠯᠡᠭᠰᠡᠨ ᠴᠠᠭ᠄
2024/3/19
ᠮᠢᠩᠭᠠᠲᠦ ᠪᠠᠯᠭᠠᠰᠤ᠄ ᠪᠧᠢ ᠱᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠢ ᠤᠬᠠᠭᠤᠯᠬᠤ ᠬᠦᠳᠡᠯᠬᠡᠬᠡᠨ ᠦᠷᠨᠢᠬᠦᠯᠪᠠ
微信图片_20240319205904_副本.jpg    
    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ  ᠴᠢᠩᠭᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠢ ᠣᠶᠢᠯᠠᠭᠠᠬᠤ  ᠬᠡᠮᠵᠢᠶ᠎ᠡ᠂ ᠪᠦᠷᠬᠦᠴᠡ ᠶᠢᠨ ᠨᠣᠷᠮ᠎ᠠ ᠶᠢ ᠳᠡᠬᠡᠭᠰᠢᠯᠡᠬᠦᠯᠬᠦ ᠶᠢᠨ ᠲᠦᠯᠦᠬᠡ᠂ ᠪᠧᠢ ᠱᠠᠨ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠳᠠᠭᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 2024 ᠣᠨ ᠤ 3 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠡᠷᠦᠬᠡ ᠳᠤ ᠣᠷᠣᠵᠤ ᠤᠬᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠲᠡ 80 ᠭᠠᠷᠤᠢ ᠤᠬᠠᠭᠠᠯᠭ᠎ᠠ ᠶᠢᠨ ᠬᠠᠭᠤᠳᠠᠰᠤ ᠲᠠᠷᠬᠠᠭᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠬᠡᠮᠵᠢᠶ᠎ᠡ  ᠠᠪᠴᠤ᠂ ᠤᠬᠠᠭᠤᠯᠭ᠎ᠠ  ᠶᠢᠨ ᠬᠠᠭᠤᠳᠠᠰᠤᠨ ᠳᠡᠭᠡᠷᠡᠬᠢ ᠬᠤᠯᠪᠣᠭᠳᠠᠯ ᠪᠦᠬᠦᠢ ᠲᠥᠷᠥ  ᠶᠢᠨ ᠪᠣᠳᠣᠯᠭ᠎ᠠ᠂ ᠰᠦᠢᠳᠬᠡᠯ ᠲᠤᠰᠢᠶᠠᠬᠤ ᠶᠠᠪᠤᠴᠠ᠂ ᠣᠯᠭᠤᠮᠵᠢ ᠠᠪᠬᠤ ᠵᠡᠷᠭᠡ ᠠᠭᠤᠯᠭ᠎ᠠ  ᠶᠢ ᠠᠷᠠᠳ ᠢᠷᠭᠡᠳ ᠤᠩᠰᠢᠮᠠᠭᠴᠠ ᠣᠶᠢᠯᠠᠭᠠᠵᠤ᠂ ᠪᠤᠳᠤᠮᠠᠭᠴᠠ ᠣᠶᠢᠯᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ  ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠬᠦᠯᠪᠡ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠠᠵᠢᠯᠲᠠᠨ ᠪᠠᠰᠠ ᠣᠯᠠᠨ ᠲᠦᠮᠡᠨ ᠤ ᠠᠩᠬᠠᠷᠴᠤ ᠪᠠᠶᠢᠭ᠎ᠠ ᠤᠯᠤᠰ ᠤᠨ ᠨᠥᠬᠦᠪᠦᠷᠢ᠂ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ᠂ ᠰᠦᠢᠳᠬᠡᠯ ᠲᠤᠰᠢᠶᠠᠭᠰᠠᠨ ᠲᠠᠰ ᠵᠡᠷᠭᠡ ᠮᠠᠳᠠᠭ ᠲᠠᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠠᠷᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠴᠠᠭ ᠲᠤᠬᠠᠢ ᠳᠤᠨᠢ ᠲᠤᠰᠢᠶᠠᠵᠤ ᠂ ᠬᠥᠳᠡᠯᠵᠦ ᠪᠠᠷᠢᠬᠤ ᠳᠤ ᠳᠥᠭᠦᠮ ᠦᠭᠡᠢ ᠳᠠᠭᠠᠳᠬᠠᠯ ᠳᠤ ᠤᠠᠤᠯᠴᠠᠭᠰᠠᠳ ᠤᠨ ᠡᠷᠦᠬᠡ ᠳᠤ ᠣᠷᠣᠵᠤ᠂ ᠭᠡᠷ ᠲᠤᠨᠢ ᠬᠦᠷᠴᠦ ᠰᠢᠢᠳᠪᠦᠷᠢᠯᠡᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ  ᠶᠢ ᠦᠨᠡᠨᠬᠦ  ᠪᠠᠲᠤᠯᠠᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠲᠠᠨᠢᠯᠲᠠ ᠶᠢ ᠤᠯᠠᠮ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠰᠠᠭᠤᠭᠠᠯᠢ ᠠᠷᠠᠳ ᠤᠨ ᠬᠦᠯᠢᠶᠠᠨ ᠠᠪᠬᠤ ᠬᠡᠮᠵᠢᠶ᠎ᠡ ᠪᠠ ᠳᠡᠮᠵᠢᠬᠦ ᠬᠡᠮᠵᠢᠶ᠎ᠡ ᠶᠢ ᠳᠡᠬᠡᠭᠰᠢᠯᠡᠬᠦᠯᠵᠦ ᠂ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠡᠷᠦᠬᠡ ᠳᠤ ᠣᠷᠣᠬᠤ ᠤᠬᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠬᠡᠵᠦ᠂ ᠦᠢᠯᠡᠴᠢᠯᠡᠭᠡ ᠶᠢ ᠬᠥᠮᠥᠨ ᠳᠤ ᠬᠦᠷᠲᠡᠯ᠎ᠡ ᠬᠦᠷᠭᠡᠬᠦ ᠶᠢ ᠪᠡᠶᠡᠯᠡᠭᠦᠯᠦᠨ᠂ ᠠᠷᠠᠳ ᠣᠯᠠᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ 
 
ᠢᠷᠡᠯᠲᠡ᠄ ᠮᠢᠩᠭᠠᠨᠲᠤ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号