ᠮᠢᠩᠭᠠᠲᠦ ᠪᠠᠯᠭᠠᠰᠤ 2024 ᠣᠨ ᠤ ᠨᠢᠭᠡᠳᠦᠭᠡᠷ ᠤᠯᠠᠷᠢᠯ ‍ᠤᠨ‌‍ᠲ᠋ᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
 ᠮᠢᠩᠭᠠᠲᠦ ᠪᠠᠯᠭᠠᠰᠤ 2024 ᠣᠨ ᠤ ᠨᠢᠭᠡᠳᠦᠭᠡᠷ ᠤᠯᠠᠷᠢᠯ ‍ᠤᠨ‌‍ᠲ᠋ᠠᠬᠢᠨ ᠶᠠᠳᠠᠭᠤᠷᠠᠬᠤ   ᠶᠢ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ 
微信图片_20240319205904_副本.jpg
    ᠮᠠᠨ ᠤ ᠪᠠᠯᠭᠠᠰᠤᠨ ᠤ 2024 ᠣᠨ ᠤ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠠᠵᠢᠯ ᠢ ᠥᠷᠨᠢᠭᠦᠯᠬᠦ ᠶᠢᠨ ᠲᠥᠯᠥᠭᠡ᠂ 3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠮᠢᠩᠭᠠᠲᠤ ᠪᠠᠯᠭᠠᠰᠤ 2024 ᠣᠨ ᠤ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠸᠠᠩ  ᠮᠥᠸᠧ  ᠴᠦ ᠡᠷᠭᠢᠯᠡᠵᠦ᠂ ᠡᠯ᠎ᠡ ᠭᠠᠴᠠᠭ᠎ᠠ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ︽ᠪᠥᠬᠦ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ  ᠠᠴᠠ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠠᠵᠢᠯ ᠵᠢᠴᠢ ︿ᠡᠷᠬᠢᠨ ᠬᠠᠷᠠᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠵᠦ᠂ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠦᠲᠡᠯᠤᠩᠬᠦᠢ ᠪᠠᠷ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠵᠢᠴᠢ ︽ᠡᠷᠬᠢᠨ ᠬᠠᠷᠠᠬᠤ︾ ᠲᠤᠰᠬᠠᠢ ᠠᠵᠢᠯᠯᠠᠭ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠡᠯ᠎ᠡ ᠭᠠᠴᠠᠭ᠎ᠠ ᠲᠣᠰᠬᠤᠨ ᠤ ᠬᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ᠂ ᠬᠢᠨᠠᠨ ᠰᠢᠯᠭᠠᠬᠤ ᠡᠲᠡᠭᠡᠳ ᠵᠡᠷᠭᠡ ᠭᠤᠣᠯᠳᠠᠯᠭ᠎ᠠ ᠲᠠᠢ ᠬᠥᠮᠥᠰ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠬᠥᠮᠥᠰ ᠢ ᠴᠠᠭ ᠲᠤᠬᠠᠢ ᠳᠤᠨᠢ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠲᠠᠢ ᠤᠶᠠᠯᠳᠤᠭᠤᠯᠵᠤ᠂ ︽ᠡᠷᠬᠢᠨ ᠬᠠᠷᠠᠬᠤ︾ ᠠᠭᠤᠯᠭ᠎ᠠ ᠲᠠᠢ ᠬᠠᠷᠢᠴᠠᠭᠤᠯᠤᠨ ᠥᠪᠡᠷ ᠤᠨ ᠪᠠᠶᠢᠴᠠᠭᠠᠯᠲᠠ ᠬᠢᠵᠦ᠂ ᠪᠦᠬᠦ ᠲᠠᠯ᠎ᠠ ᠪᠠᠷ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠤᠷᠪᠠ ᠳᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠭ᠎ᠠ ᠪᠠᠷᠢᠮᠲᠠ ᠶᠢ ᠰᠢᠨᠡᠳᠬᠡᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠠᠵᠢᠯᠲᠠᠨ ᠤ ᠬᠦᠴᠦᠨ ᠢ ᠨᠢᠭᠡᠳᠦᠯᠲᠡᠢ ᠲᠥᠯᠥᠪᠯᠡᠨ᠂ ᠲᠠᠪᠴᠠᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠶᠢ ᠰᠠᠶᠢᠲᠤᠷ ᠬᠢᠵᠦ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠶᠢᠨ ᠰᠠᠭᠤᠷᠢ ᠮᠡᠳᠡᠭᠡ ᠵᠠᠩᠭᠢ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠮᠢᠩᠭᠠᠨᠲᠤ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号