ᠰᠢᠩ ᠶᠣᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠭᠡᠷ︾ ᠲᠤ ᠣᠷᠣᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2024/3/19
ᠰᠢᠩ ᠶᠣᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠭᠡᠷ︾ ᠲᠤ ᠣᠷᠣᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ    ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠮᠠᠨ ᠤ ᠪᠠᠯᠭᠠᠰᠤᠨ ᠳᠤ ᠦᠨᠳᠦᠰᠦᠯᠡᠭᠦᠯᠦᠨ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠵᠤ᠂ ᠮᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ  ᠲᠤ ᠬᠤᠶᠠᠷ ᠬᠤᠷᠠᠯ ᠤᠨ ᠠᠭᠤᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠰᠢᠨ᠎ᠡ ᠪᠠᠶᠢᠳᠠᠯ ᠤᠨ ᠳᠣᠣᠷᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠭᠦᠢᠴᠡᠳᠬᠡᠬᠦ ᠶᠢᠨ ᠲᠥᠯᠥᠭᠡ ᠶᠤᠮ᠃ 3 ᠰᠠᠷ᠎ᠠ ᠶᠢᠨ 15  ᠤ ᠡᠳᠦᠷ᠂ ᠰᠢᠩ ᠶᠣᠣ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠸᠢᠳᠢᠤ᠋ ᠪᠠᠷ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃  
 11.jpg
    ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠳᠤ ᠬᠤᠷᠠᠯᠳᠤᠭᠰᠠᠨ ᠨᠢᠭᠡ ᠤᠳᠠᠭᠠᠨ ᠤ ᠬᠤᠷᠠᠯ ᠪᠣᠯᠣᠨ᠎ᠠ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠢᠲᠡᠭᠡᠯ ᠵᠣᠷᠢᠭ ᠢᠶᠠᠨ ᠨᠡᠮᠡᠭᠳᠡᠭᠦᠯᠬᠦ᠂ ᠡᠷᠴᠢ ᠵᠣᠷᠢᠭ ᠢᠶᠠᠨ ᠬᠥᠪᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃     ᠲᠤᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠡᠯ᠎ᠡ ᠲᠥᠯᠥᠭᠡᠯᠡᠭᠴᠢᠳ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠳᠤᠭᠤᠰᠢᠯᠠᠭᠤᠯᠵᠤ᠂ ᠥᠷᠭᠡᠨ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ 
 
ᠢᠷᠡᠯᠲᠡ᠄ ᠰᠢᠩ ᠶᠣᠣ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号