ᠶᠠᠬᠡᠨᠠᠭᠤᠷ ᠰᠤᠮᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
ᠶᠠᠬᠡᠨᠠᠭᠤᠷ ᠰᠤᠮᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠤᠯᠪᠠ     3 ᠳ᠋ᠤᠭᠠᠷ ᠰᠠᠷ᠎ᠠ ᠶᠢᠨ 19 ᠤ ᠡᠳᠦᠷ᠂  ᠶᠠᠬᠡᠨᠠᠭᠤᠷ ᠰᠤᠮᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠡᠯ᠎ᠡ ᠭᠠᠴᠠᠭᠠᠨ ᠤ ᠱᠦᠵᠢ᠂ ᠳᠡᠳ᠋ ᠱᠦᠵᠢ ᠬᠤᠷᠠᠯ ᠳᠤ ᠣᠷᠣᠯᠴᠠᠵᠠᠢ᠃    ᠬᠤᠷᠠᠯ  ᠠᠴᠠ ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︽ᠲᠦᠷ ᠬᠡᠷᠡᠭᠵᠢᠭᠦᠯᠬᠦ︶︾᠂ ︽ᠰᠢᠯᠢ ᠶᠢᠨ ᠭᠤᠣᠯ ᠠᠶᠢᠮᠠᠭ ᠤᠨ ᠴᠢᠨᠠᠷ ᠰᠠᠶᠢᠲᠠᠢ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽2024 ᠣᠨ ᠤ ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ  ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠤᠰᠬᠠᠢ ᠲᠥᠷᠥᠯ ᠤᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾᠂ ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ  ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠬᠤ ᠮᠢᠬᠠᠨ ᠤ ᠦᠬᠡᠷ ᠤᠨ ᠬᠡᠪᠴᠢᠶᠡᠵᠢᠭᠦᠯᠦᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ᠃
微信图片_20240319205904_副本.jpg
    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠴᠠᠭ᠎ᠠ ᠨᠢ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠭᠤᠶᠢᠪᠢᠰᠢ ᠦᠭᠡᠢ ᠰᠠᠶᠢᠲᠤᠷ ᠠᠳᠬᠤᠵᠤ᠂ ᠡᠭᠦᠯᠳᠡᠷ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠬᠦᠴᠦᠯᠡᠬᠦ ᠴᠡᠭ ᠪᠣᠯᠭᠠᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ᠃  ᠮᠢᠬᠠᠨ ᠤ ᠦᠬᠡᠷ ᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠭᠦᠯᠳᠡᠷ ᠰᠠᠶᠢᠵᠢᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠮᠠᠯ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠦᠨᠳᠦᠰᠦᠨ ᠠᠷᠭ᠎ᠠ ᠬᠡᠮᠵᠢᠶ᠎ᠡ ᠪᠣᠯᠭᠠᠨ ᠠᠳᠬᠤᠵᠤ᠂ ᠮᠠᠯᠴᠢᠨ ᠲᠦᠮᠡᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠶᠡᠬᠡᠨᠠᠭᠤᠷ ᠰᠤᠮᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号