ᠪᠤᠯᠠᠭᠠᠨᠳᠤᠬᠤᠢ ᠰᠤᠮᠤ ᠠᠶᠤᠯᠭᠦᠢ ᠦᠢᠯᠡᠳᠪᠦᠷᠢᠯᠡᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
ᠪᠤᠯᠠᠭᠠᠨᠳᠤᠬᠤᠢ ᠰᠤᠮᠤ ᠠᠶᠤᠯᠭᠦᠢ ᠦᠢᠯᠡᠳᠪᠦᠷᠢᠯᠡᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
1.jpg
    3 ᠰᠠᠷ᠎ᠠ ᠶᠢᠨ 13 ᠤ ᠡᠳᠦᠷ᠂ ᠪᠤᠯᠠᠭᠠᠨᠳᠤᠬᠤᠢ ᠰᠤᠮᠤ ᠰᠤᠮᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠳᠡᠳ᠋ ᠰᠤᠮᠤᠨ ᠤ ᠳᠠᠷᠤᠭ᠎ᠠ  ᠪᠠᠮᠪᠠᠷ ᠨᠥᠬᠦᠷ ᠬᠤᠷᠠᠯ ᠡᠷᠭᠢᠯᠡᠵᠦ᠂ ᠡᠯ᠎ᠡ ᠭᠠᠴᠠᠭ᠎ᠠ ︵ᠲᠠᠯᠠᠪᠠᠶ︶ ᠶᠢᠨ ︽ᠨᠢᠭᠡᠳᠦᠭᠡᠷ ᠱᠦᠵᠢ︾᠂ ᠨᠠᠮ ᠤᠨ ᠡᠭᠦᠷ ᠤᠨ ᠱᠦᠵᠢ᠂ ᠳᠡᠳ᠋ ᠱᠦᠵᠢ ᠬᠤᠷᠠᠯ ᠳᠤ ᠣᠷᠣᠯᠴᠠᠵᠠᠢ᠃     ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠰᠢᠢᠳᠪᠦᠷᠢᠯᠡᠬᠦ﹀ ᠲᠣᠭᠲᠠᠭᠠᠯ ᠤᠳ︾ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠭᠤᠴᠠᠭᠠᠨ ᠤ ᠲᠤᠬᠠᠢ ᠠᠯᠪᠠᠨ ᠵᠠᠷ︾ ᠢ ᠤᠯᠠᠮᠵᠢᠯᠠᠵᠤ᠂ ᠰᠤᠮᠤᠨ ᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠳᠤ ᠵᠠᠳᠠᠯᠤᠯᠲᠠ ᠬᠢᠵᠦ᠂ ᠡᠨᠡ ᠵᠢᠯ ᠤᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠳᠤ ᠪᠣᠳᠠᠲᠠᠢ ᠠᠵᠢᠯ ᠤᠨ ᠱᠠᠭᠠᠷᠳᠠᠯᠭ᠎ᠠ ᠭᠠᠷᠭᠠᠵᠠᠢ᠃ ᠡᠭᠦᠨ ᠤ ᠬᠠᠮᠲᠤ᠂ ᠡᠯ᠎ᠡ ᠭᠠᠴᠠᠭ᠎ᠠ ︵ᠲᠠᠯᠠᠪᠠᠶ︶ ᠯᠤᠭ᠎ᠠ ︽ᠪᠤᠯᠠᠭᠠᠨᠳᠤᠬᠤᠢ ᠰᠤᠮᠤ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠵᠤ᠂   ᠵᠢᠵᠢᠭᠦᠷᠯᠡᠨ ᠰᠠᠬᠢᠬᠤ᠂ ᠭᠠᠯ ᠰᠡᠷᠭᠡᠶᠢᠯᠡᠬᠦ ᠤᠬᠠᠭᠤᠯᠭ᠎ᠠ᠂ ᠲᠣᠨᠤᠭ ᠲᠥᠬᠦᠭᠡᠷᠦᠮᠵᠢ ᠲᠣᠬᠢᠷᠠᠭᠤᠯᠬᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠬᠠᠮᠠᠭᠠᠯᠠᠭᠴᠢ᠂ ᠳᠤᠭᠤᠶᠢᠯᠠᠩ ᠤᠨ ᠳᠠᠷᠤᠭ᠎ᠠ ᠶᠢᠨ ᠦᠢᠯᠡᠳᠦᠯ ᠢ ᠪᠠᠳᠠᠷᠠᠭᠤᠯᠤᠨ᠂ ᠬᠠᠩᠰᠢ ᠶᠢᠨ ᠡᠳᠦᠷ᠂ ᠲᠠᠬᠢᠯᠭ᠎ᠠ ᠶᠢᠨ ᠡᠳᠦᠷ ᠵᠡᠷᠭᠡ ᠵᠠᠩᠭᠢᠯᠠᠭ᠎ᠠ ᠶᠢᠨ ᠴᠠᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠪᠠᠶᠢᠳᠠᠯ ᠭᠠᠷᠤᠮᠠᠭᠴᠠ ᠳᠠᠷᠤᠶᠢᠬᠠᠨ ᠲᠤᠰᠬᠠᠵᠤ᠂ ᠲᠦᠷᠭᠡᠨ ᠰᠢᠢᠳᠪᠦᠷᠢᠯᠡᠵᠦ᠂ ᠪᠥᠬᠦ ᠰᠤᠮᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠮᠠᠭᠠᠯᠠᠯᠲᠠ ᠶᠢᠨ ᠲᠡᠶᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠪᠤᠯᠭᠠᠨᠲᠤᠬᠤᠢ  ᠰᠤᠮᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号