ᠤᠯᠠᠭᠠᠨᠴᠠᠪ ᠰᠤᠮᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/19
ᠤᠯᠠᠭᠠᠨᠴᠠᠪ ᠰᠤᠮᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠪᠡ    
微信图片_20240319205904_副本.jpg
    ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠨ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠤᠯᠠᠭᠠᠨᠴᠠᠪ ᠰᠤᠮᠤ ᠶᠢᠨ ᠡᠪᠯᠡᠯ ᠤᠨ ᠬᠤᠷᠢᠶ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠬᠠᠮᠲᠤᠷᠠᠨ ᠣᠷᠴᠢᠨ ᠠᠬᠤᠢ ᠶᠢ ᠴᠡᠭᠴᠡᠯᠡᠨ ᠵᠠᠰᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ‌ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ  ᠶᠢᠨ ᠳᠤᠮᠳᠠ  ᠰᠤᠮᠤᠨ ᠤ ᠺᠠᠳ᠋ᠷᠴᠤᠳ S222 ᠵᠠᠰᠠᠮᠠᠯ ᠵᠠᠮ ᠪᠣᠯᠣᠨ ᠤᠷᠢᠶᠠᠲᠤᠰᠢᠯᠢ ᠳᠤᠭᠤᠶᠢᠯᠠᠩ ᠠᠴᠠ ᠬᠥᠪᠡᠭᠡᠲᠦ ᠰᠢᠷ᠎ᠠ ᠬᠤᠰᠢᠭᠤ ᠬᠦᠷᠬᠦ ᠵᠠᠮ ᠤᠨ ᠬᠤᠶᠠᠷ ᠬᠠᠵᠠᠭᠤ ᠶᠢᠨ ᠬᠤᠭ ᠨᠣᠪᠰᠢ ᠶᠢ ᠴᠡᠪᠡᠷᠯᠡᠭᠰᠡᠨ ᠪᠥᠭᠡᠳ ᠵᠠᠮ ᠤᠨ ᠳᠤᠮᠳᠠᠬᠢ ᠬᠡᠮᠬᠡᠳᠡᠭ ᠴᠢᠯᠠᠭᠤ ᠶᠢ ᠴᠡᠪᠡᠷᠯᠡᠵᠦ᠂ ᠣᠷᠴᠢᠨ ᠠᠬᠤᠢ ᠶᠢᠨ ᠠᠷᠢᠭᠤᠨ ᠴᠡᠪᠡᠷ ᠢ ᠴᠡᠭᠴᠡᠯᠡᠨ ᠵᠠᠰᠠᠬᠤ  ᠶᠢᠨ ᠵᠡᠷᠭᠡ ᠳᠤ ᠮᠠᠯᠴᠢᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃     ᠡᠳᠤᠬᠡ ᠶᠠᠭ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠬᠤᠭᠤᠴᠠᠭ᠎ᠠ ᠪᠠᠶᠢᠵᠤ᠂ ᠤᠯᠠᠭᠠᠨᠴᠠᠪ ᠰᠤᠮᠤ ᠤᠬᠠᠭᠤᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠠᠷᠢᠶᠠᠲᠤ ᠣᠷᠣᠨ ᠤ ᠢᠯᠡ ᠭᠠᠵᠠᠷ ᠲᠤ᠂ ᠵᠠᠮ ᠳᠠᠭᠠᠤ 7 ᠵᠤᠷᠪᠤᠰ ᠭᠠᠯ ᠰᠡᠷᠭᠡᠶᠢᠯᠡᠬᠦ ᠤᠬᠠᠭᠤᠯᠭ᠎ᠠ ᠶᠢᠨ ᠪᠢᠴᠢᠭᠡᠰᠦ ᠶᠢ ᠡᠯᠭᠦᠵᠦ᠂ 200 ᠭᠠᠷᠤᠢ ᠵᠤᠷᠪᠤᠰ ᠭᠠᠯ ᠰᠡᠷᠭᠡᠶᠢᠯᠡᠬᠦ ᠤᠬᠠᠭᠤᠯᠭ᠎ᠠ ᠶᠢᠨ ᠲᠤᠭ ᠢ ᠡᠯᠭᠦᠵᠦ᠂ ᠡᠭᠦᠨ ᠤ ᠬᠠᠮᠲᠤ᠂ ᠠᠵᠢᠯᠲᠠᠨ ᠠᠴᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ᠂ ᠣᠯᠠᠨ ᠲᠦᠮᠡᠨ ᠳᠤ ᠨᠠᠷᠢᠨ ᠨᠢᠮᠪᠠᠢ ᠬᠦᠯᠢᠴᠡᠩᠭᠦᠢ ᠪᠠᠷ ᠣᠶ ᠰᠢᠭᠤᠢ ᠶᠢᠨ ᠭᠠᠯ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠣᠶ ᠰᠢᠭᠤᠢ ᠶᠢᠨ ᠭᠠᠯ ᠤᠨ ᠭᠠᠮᠰᠢᠭ ᠤᠨ ᠬᠤᠣᠷ ᠬᠥᠨᠥᠭᠡᠯᠳᠦ ᠴᠢᠨᠠᠷ ᠪᠠ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ᠂ ᠴᠢᠬᠤᠯᠠ ᠴᠢᠨᠠᠷ ᠢ ᠴᠢᠬᠤᠯᠠᠴᠢᠯᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠢᠶᠠᠷ ᠭᠠᠯ ᠬᠡᠷᠡᠭᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠬᠡᠭᠰᠢᠯᠡᠬᠦᠯᠪᠠ᠃     ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠰᠤᠮᠤ ᠦᠷᠭᠦᠯᠵᠢᠯᠡᠨ ᠤᠬᠠᠭᠤᠯᠭ᠎ᠠ ᠪᠠᠷ ᠭᠠᠷᠳᠠᠴᠠ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃    ᠠᠳᠡ ᠥᠷᠭᠡᠨ ᠤᠯᠠᠨ ᠠᠷᠠᠳ ᠲᠦᠮᠡᠨ ᠳᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠤ ᠳᠣᠲᠣᠷ᠎ᠠ ︵ᠪᠦᠬᠦ ᠰᠤᠮᠤ ᠶᠢᠨ ᠬᠢᠯᠢ ᠶᠢᠨ ᠳᠣᠲᠣᠷ᠎ᠠ︶  ᠭᠠᠯ ᠨᠤᠴᠤᠬᠤ ᠠᠶᠤᠯᠲᠠᠢ ᠪᠤᠳᠠᠰ ᠂ ᠰᠢᠲᠠᠮᠠᠬᠠᠢ ᠳᠡᠯᠪᠡᠷᠡᠮᠡᠲᠡᠭᠡᠢ ᠪᠣᠳᠠᠰ ᠠᠪᠴᠤ ᠶᠠᠪᠤᠬᠤ ᠶᠢ ᠴᠠᠭᠠᠵᠠᠯᠠᠬᠤ ᠶᠢ ᠰᠠᠨᠠᠭᠤᠯᠤᠶ᠎ᠠ︕ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠭᠠᠯ ᠨᠤᠴᠤᠭᠠᠬᠤ᠂ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠬᠡᠭᠡᠷ᠎ᠡ ᠬᠤᠭᠤᠯᠠᠯᠠᠬᠤ᠂ ᠬᠤᠸᠠᠷ ᠫᠤᠤᠵᠢᠩ ᠲᠠᠯᠪᠢᠬᠤ ᠪᠠ ᠭᠠᠯ ᠪᠠᠮᠪᠠᠷ ᠬᠡᠷᠡᠭᠯᠡᠬᠦ ᠶᠢ ᠴᠠᠭᠠᠵᠠᠯᠠᠨ᠎ᠠ︕ ᠬᠤᠭ ᠨᠣᠪᠰᠢ ᠰᠢᠲᠠᠭᠠᠬᠤ ᠪᠠ ᠪᠤᠰᠤᠳ ᠦᠢᠯᠡᠳᠪᠦᠷᠢᠯᠡᠯ ᠤᠨ ᠪᠤᠰᠤ ᠴᠢᠨᠠᠷᠲᠠᠢ ᠭᠠᠯ ᠬᠡᠷᠡᠭᠯᠡᠬᠦ ᠶᠢ ᠴᠠᠭᠠᠵᠠᠯᠠᠨ᠎ᠠ︕
 
ᠢᠷᠡᠯᠲᠡ᠄ ᠣᠯᠠᠭᠠᠨᠴᠠᠪ ᠰᠣᠮᠣᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号