ᠤᠯᠠᠭᠠᠨᠴᠠᠪ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠵᠢᠴᠢ 2024 ᠣᠨ ᠤ ᠨᠢᠭᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
ᠤᠯᠠᠭᠠᠨᠴᠠᠪ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠵᠢᠴᠢ 2024 ᠣᠨ ᠤ ᠨᠢᠭᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
11.jpg   
    ᠶᠠᠳᠠᠭᠤ ᠡᠴᠠ‌ᠠᠩᠭᠢᠵᠢᠷᠠᠭᠤᠯᠬᠤ ᠪᠣᠭᠤᠮᠲᠠ‌‍ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 14  ᠤ ᠡᠳᠦᠷ᠂ ᠮᠠᠨ ᠤ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠭᠤᠷᠪᠠᠳᠤᠭᠠᠷ ᠤᠳᠠᠭ᠎ᠠ ᠶᠢᠨ ᠠᠬᠢᠭᠤᠯᠬᠤ ᠬᠤᠷᠠᠯ ᠵᠢᠴᠢ 2024 ᠣᠨ ᠤ ᠨᠢᠭᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯ ᠤᠨ ᠭᠡᠰᠢᠭᠦᠨ ᠵᠡᠷᠭᠡ 30 ᠭᠠᠷᠤᠢ ᠬᠥᠮᠥᠨ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃    ᠵᠠᠰᠠᠭ ᠤᠨ ᠣᠷᠳᠣᠨ ᠤ ᠳᠡᠳ᠋ ᠰᠤᠮᠤ ᠶᠢᠨ ᠳᠠᠷᠤᠭ᠎ᠠ ᠭᠦᠸᠧ ᠯᠦᠩ ᠹᠧᠢ ︽︿ᠪᠥᠬᠦ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠰᠢᠨᠵᠢᠬᠦ ᠠᠵᠢᠯ ᠵᠢᠴᠢ ︿ᠡᠷᠬᠢᠨ ᠬᠠᠷᠠᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠢᠴᠢᠭ ᠮᠠᠲ᠋ᠧᠷᠢᠶᠠᠯ ᠤᠨ ᠠᠭᠤᠯᠭ᠎ᠠ ᠳᠤ ᠲᠠᠶᠢᠯᠤᠮᠵᠢ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ᠂ ᠡᠯ᠎ᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ 2024 ᠣᠨ ᠤ ᠨᠢᠭᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠠᠷᠪᠠᠨ ᠲᠦᠷᠦᠯ︾ ᠤᠨ ᠭᠤᠣᠯᠳᠠᠯᠭ᠎ᠠ ᠲᠠᠢ ᠬᠥᠮᠥᠰ ᠢ ᠪᠠᠶᠢᠴᠠᠭᠠᠨ ᠵᠢᠭᠰᠠᠭᠠᠬᠤ ᠠᠵᠢᠯ ᠢ ᠰᠠᠶᠢᠲᠤᠷ ᠬᠢᠵᠦ᠂ ︽ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠲᠣᠰ ᠤᠳᠠᠭᠠᠨ ᠤ ᠲᠥᠪᠯᠡᠷᠡᠭᠦᠯᠦᠨ ᠬᠢᠨᠠᠨ ᠰᠢᠨᠵᠢᠬᠦ ᠠᠵᠢᠯ ᠲᠠᠢ ᠤᠶᠠᠯᠳᠤᠭᠤᠯᠤᠨ᠂ ᠣᠷᠣᠯᠭ᠎ᠠ ᠪᠠᠭᠠᠲᠠᠢ ᠬᠥᠮᠥᠰ ᠤᠨ ᠠᠵᠢᠯ ᠣᠯᠭᠤᠯᠲᠠ᠂ ᠡᠮᠴᠢᠯᠡᠭᠡ᠂ ᠣᠷᠣᠨ ᠰᠠᠭᠤᠴᠠ᠂ ᠤᠰᠤ ᠤᠮᠳᠠ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠡᠳᠦᠷ ᠲᠤᠲᠤᠮ ᠤᠨ ᠬᠢᠨᠠᠨ ᠰᠢᠨᠵᠢᠬᠦ ᠵᠢᠴᠢ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ  ᠬᠡᠷᠡᠭᠲᠠᠢ ᠬᠡᠵᠦ ᠴᠢᠬᠤᠯᠠᠴᠢᠯᠠᠪᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠷᠦᠬᠡ ᠳᠤ ᠤᠷᠢᠳᠴᠢᠯᠠᠨ ᠬᠦᠷᠴᠦ ᠰᠤᠷᠪᠤᠯᠵᠢᠯᠠᠨ᠂ ᠡᠷᠲᠡ ᠠᠴᠠ ᠢᠯᠡᠷᠡᠭᠦᠯᠵᠦ᠂ ᠡᠷᠲᠡ ᠠᠴᠠ ᠬᠠᠪᠰᠤᠷᠤᠨ ᠲᠡᠳᠬᠦᠵᠦ᠂ ᠡᠷᠲᠡ ᠠᠴᠠ ᠬᠦᠴᠦᠨ ᠦᠭᠡᠢ ᠪᠣᠯᠭᠠᠵᠤ᠂ ᠡᠭᠦᠷᠭᠡ ᠶᠢᠨ ᠨᠠᠷᠢᠨ ᠲᠠᠩᠰᠠ ᠶᠢᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠣᠯᠠᠭᠠᠨᠴᠠᠪ ᠰᠣᠮᠣᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号