ᠰᠢᠯᠤᠭᠤᠨ ᠬᠥᠪᠡᠭᠡᠲᠦ ᠴᠠᠭᠠᠨ ᠬᠤᠰᠢᠭᠤ ᠵᠣᠭᠤᠰ ᠤᠬᠢᠶᠠᠬᠤ ᠶᠢ ᠡᠰᠡᠷᠭᠦᠴᠡᠬᠦ ︽ᠬᠠᠪᠤᠷ ᠤᠨ ᠠᠶᠠᠨ︾ ᠭᠤᠣᠯ ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠎ ᠶᠢ ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/20
ᠰᠢᠯᠤᠭᠤᠨ ᠬᠥᠪᠡᠭᠡᠲᠦ ᠴᠠᠭᠠᠨ ᠬᠤᠰᠢᠭᠤ ᠵᠣᠭᠤᠰ ᠤᠬᠢᠶᠠᠬᠤ ᠶᠢ ᠡᠰᠡᠷᠭᠦᠴᠡᠬᠦ ︽ᠬᠠᠪᠤᠷ ᠤᠨ ᠠᠶᠠᠨ︾ ᠭᠤᠣᠯ ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠶᠢ ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ      3 ᠰᠠᠷ᠎ᠠ ᠶᠢᠨ 15᠎ ᠤ ᠡᠳᠦᠷ᠂ ᠲᠠᠷᠢᠶᠠᠯᠠᠩ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ ᠪᠣᠯᠣᠨ ᠮᠢᠩᠭᠠᠲᠤ ᠪᠠᠯᠭᠠᠰᠤᠨ ᠤ ᠪᠧᠢ ᠱᠠᠨ ᠨᠡᠶᠢᠭᠡᠮ ᠲᠣᠭᠤᠷᠢᠭ ᠠᠴᠠ ᠭᠤᠣᠯᠯᠠᠨ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠩᠬᠢ ᠵᠢᠴᠢ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠠᠮᠢ ᠨᠠᠰᠤᠨ ᠤ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠳᠠᠭᠠᠳᠬᠠᠯ ᠤᠨ ᠪᠠᠶᠢᠭᠤᠯᠤᠮᠵᠢ ᠶᠢᠨ ᠬᠠᠮᠵᠢᠯᠴᠠᠨ ᠡᠷᠬᠢᠯᠡᠭᠰᠡᠨ 2024 ᠣᠨ ᠤ ᠰᠢᠯᠢ ᠶᠢᠨ ᠭᠤᠣᠯ ᠠᠶᠢᠮᠠᠭ ᠤᠨ ᠵᠣᠭᠤᠰ ᠤᠬᠢᠶᠠᠬᠤ ᠶᠢ ᠡᠰᠡᠷᠭᠦᠴᠡᠬᠦ ︽ᠬᠠᠪᠤᠷ ᠤᠨ ᠠᠶᠠᠨ︾ ᠭᠤᠣᠯ ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠶᠢ ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠪᠢᠶᠠᠷᠢ ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠮᠢᠩᠭᠠᠲᠦ ᠪᠠᠯᠭᠠᠰᠤᠨ ᠤ ᠪᠧᠢ ᠱᠠᠨ ᠨᠡᠶᠢᠭᠡᠮ ᠲᠣᠭᠤᠷᠢᠭ ᠲᠤ ᠶᠠᠪᠤᠭᠳᠠᠪᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠲᠠᠪᠴᠠᠩ ᠭᠠᠷᠭᠠᠵᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠵᠣᠭᠤᠰ ᠤᠬᠢᠶᠠᠭᠰᠠᠨ ᠬᠡᠷᠡᠭ ᠤᠨ ᠵᠢᠱᠢᠶ᠎ᠡ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠢᠴᠢ ᠪᠠᠩᠬᠢ ᠶᠢᠨ ᠺᠠᠷᠲ ᠢᠶᠠᠨ ᠲᠦᠷᠢᠶᠡᠰᠦᠯᠡᠭᠦᠯᠵᠦ ᠵᠢᠭᠡᠯᠡᠭᠦᠯᠬᠦ ᠶᠢᠨ ᠬᠤᠣᠷ ᠬᠥᠨᠥᠭᠡᠯᠳᠦ ᠴᠢᠨᠠᠷ ᠵᠡᠷᠭᠡ ᠮᠥᠩᠭᠦᠨ ᠭᠦᠢᠯᠭᠡᠭᠡᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠤᠷ ᠲᠤ ᠣᠷᠣᠯᠴᠠᠭᠰᠠᠨ ᠰᠠᠭᠤᠭᠠᠯᠢ ᠠᠷᠠᠳ ᠲᠤ ᠵᠠᠭᠤ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠰᠠᠭᠤᠭᠠᠯᠢ ᠠᠷᠠᠳ ᠤᠨ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃
微信图片_20240320133602_副本.jpg   
    ᠠᠵᠢᠯᠯᠠᠭ᠎ᠠ ᠶᠢᠨ ᠳᠤᠮᠳᠠ᠂ ᠲᠠᠷᠢᠶᠠᠯᠠᠩ ᠤᠨ ᠪᠠᠩᠬᠢ ᠶᠢᠨ ᠠᠵᠢᠯᠲᠠᠳ ᠵᠣᠭᠤᠰ ᠤᠬᠢᠶᠠᠬᠤ ᠶᠢ ᠡᠰᠡᠷᠭᠦᠴᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢᠳᠡᠪᠬᠢᠲᠡᠢ ᠪᠠᠷ ᠬᠠᠷᠢᠭᠤᠯᠵᠤ᠂ ᠲᠤᠬᠠᠢ ᠶᠢᠨ ᠲᠠᠯᠠᠪᠤᠷ ᠲᠤ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃     ᠲᠠᠷᠢᠶᠠᠯᠠᠩ ᠤᠨ ᠪᠠᠩᠬᠢ ᠶᠢᠨ ᠠᠵᠢᠯᠲᠠᠳ ᠤᠨ ︽ᠬᠦᠷ ᠬᠥᠭᠵᠢᠶᠡᠨᠲᠦ ᠲᠠᠯ᠎ᠠ ᠨᠤᠲᠤᠭ︾ ᠵᠢᠴᠢ ᠪᠧᠢ ᠱᠠᠨ ᠨᠡᠶᠢᠭᠡᠮ ᠲᠣᠭᠤᠷᠢᠭ ᠤᠨ ᠨᠣᠮᠢᠨᠳᠠᠯ᠎ᠠ ᠤᠷᠠᠯᠢᠭ ᠤᠨ ᠪᠦᠯᠬᠦᠮ ᠤᠨ ᠲᠣᠭᠯᠠᠯᠲᠠ ᠶᠢᠨ ᠨᠠᠶᠢᠷᠠᠯ ᠳᠠᠭᠤᠤ  ᠪᠥᠵᠢᠭ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃    ᠣᠶᠢᠯᠠᠭᠠᠭᠰᠠᠨ ᠢᠶᠠᠷ᠂ ᠢᠷᠡᠬᠦ‍ ᠨᠢᠭᠡ ᠭᠠᠷᠠᠭ ᠤᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠩᠬᠢ ᠲᠠᠢ ᠬᠠᠮᠲᠤ ᠪᠠᠷ ᠪᠥᠬᠦ ᠬᠤᠰᠢᠭᠤᠨ ᠤ ᠪᠣᠶ ᠪᠦᠬᠦᠢ ᠨᠡᠶᠢᠭᠡᠮ ᠲᠣᠭᠤᠷᠢᠭ ᠲᠤ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠵᠦ᠂ ᠵᠣᠭᠤᠰ ᠤᠬᠢᠶᠠᠬᠤ ᠶᠢ ᠡᠰᠡᠷᠭᠦᠴᠡᠬᠦ᠂ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠵᠦ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号