ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠥᠬᠦ ᠠᠷᠠᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ︵ᠬᠤᠶᠠᠳᠠᠭᠢ ᠤᠷᠤᠯᠳᠤᠭᠠᠨ︶ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/3/20
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠥᠬᠦ ᠠᠷᠠᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ︵ᠬᠤᠶᠠᠳᠠᠭᠢ ᠤᠷᠤᠯᠳᠤᠭᠠᠨ︶ ᠵᠢᠩᠬᠢᠨᠢ ᠪᠠᠷ ᠡᠬᠢᠯᠡᠪᠡ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠭᠦ ᠬᠤᠰᠢᠭᠤᠨ ᠤ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ  ᠶᠢᠨ ᠠᠶᠠᠨ ᠵᠠᠮ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠲᠥᠯᠥᠭᠡ᠂ ᠪᠦᠭᠦ ᠬᠤᠰᠢᠭᠤᠨ  ᠤ ᠺᠠᠳ᠋ᠷ ᠤᠯᠠᠨ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠰᠢᠨ᠎ᠡ ᠵᠠᠮ ᠢ ᠨᠡᠭᠡᠭᠡᠬᠦ᠂  ᠳᠤᠮᠳᠠ ᠤᠷᠤᠰᠬᠠᠯ ᠳᠤ ᠲᠦᠷᠢᠨ ᠤᠷᠤᠬᠤ ᠤᠷᠤᠭᠰᠢᠯᠠᠬᠤ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠮᠥᠵᠢᠭᠦᠯᠦᠨ ᠬᠥᠲᠥᠯᠥᠨ ᠳᠠᠭᠠᠭᠤᠯᠪᠠ᠃ 3 ᠰᠠᠷ᠎ᠠ ᠶᠢᠨ 7᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠠᠷᠠᠳ ᠤᠨ ᠰᠡᠳᠬᠢᠯ ᠳᠤ ᠳᠠᠭᠤᠷᠢᠰᠤᠭᠰᠠᠨ︾ ᠪᠥᠬᠦ ᠠᠷᠠᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ︵ᠬᠤᠶᠠᠳᠠᠭᠢ ᠤᠷᠤᠯᠳᠤᠭᠠᠨ︶᠎ ᠢ ᠡᠷᠭᠢᠯᠡᠵᠦ᠂ ᠲᠡᠯᠡᠶ ᠶᠢᠨ ᠰᠣᠩᠭᠤᠭᠤᠯᠢ᠂ ᠬᠤᠶᠠᠳᠠᠭᠢ ᠤᠷᠤᠯᠳᠤᠭᠠᠨ ᠤ ᠬᠤᠶᠠᠷ ᠡᠭᠡᠯᠵᠢ ᠶᠢᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 10 ᠲᠠᠮᠢᠷᠴᠢᠨ ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠳᠤ ᠣᠷᠣᠯᠴᠠᠵᠠᠢ᠃
11.jpg  
    9 ᠤᠷᠤᠯᠳᠤᠭᠠᠨ ᠤ ᠲᠣᠭᠤᠷᠢᠭ ᠲᠤ ᠰᠣᠩᠭᠤᠨ ᠬᠦᠷᠭᠡᠭᠰᠡᠨ 26ᠤᠷᠤᠯᠴᠠᠭᠰᠠᠳ ᠭᠤᠣᠯ ᠰᠡᠳᠦᠪ ᠤᠨ ᠲᠣᠭᠤᠷᠢᠨ ᠳᠤ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ᠂ ᠲᠥᠷᠥᠭᠳᠡᠯ ᠢᠶᠠᠨ ᠶᠠᠷᠢᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠶᠠᠷᠢᠵᠤ᠂ ᠦᠨᠡᠨ ᠪᠣᠳᠠᠲᠠᠢ ᠬᠠᠶᠢᠷ᠎ᠠ ᠰᠡᠳᠬᠢᠯᠭᠡ᠂ ᠠᠮᠢᠳᠤ ᠰᠣᠷᠭᠤᠭ ᠪᠣᠳᠠᠲᠤ ᠵᠢᠱᠢᠶ᠎ᠡ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠥᠩᠭᠡᠷᠡᠭᠦᠯᠦᠭᠰᠡᠨ ᠲᠡᠦᠬᠡᠲᠦ ᠴᠢᠨᠠᠷᠲᠠᠢ ᠠᠮᠵᠢᠯᠲᠠ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ᠂ ᠭᠡᠷᠡᠴᠢᠯᠡᠭᠰᠡᠨ ᠲᠡᠮᠡᠴᠡᠯ ᠤᠨ ᠦᠯᠢᠭᠡᠷ ᠵᠡᠷᠭᠡ ᠠᠭᠤᠯᠭ᠎ᠠ ᠶᠢ ᠠᠮᠢᠳᠤᠯᠢᠭ ᠢᠶᠠᠷ ᠶᠠᠷᠢᠵᠤ ᠂ ᠶᠠᠷᠢᠶ᠎ᠠ ᠢᠯᠡᠳᠬᠡᠯ ᠬᠢᠵᠦ᠂ ᠵᠣᠷᠢᠭᠲᠠᠢ ᠪᠠᠷ ᠬᠤᠰᠢᠭᠤᠴᠢ ᠪᠣᠯᠬᠤ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃    ᠨᠢᠭᠡ ᠦᠯᠢᠭᠡᠷ ᠲᠤ ᠨᠢᠭᠡ ᠬᠤᠪᠢ ᠰᠡᠳᠬᠢᠯ ᠬᠥᠳᠡᠯᠵᠦ᠂ ᠨᠢᠭᠡ ᠦᠯᠢᠭᠡᠷ ᠲᠤ ᠨᠢᠭᠡ ᠬᠤᠪᠢ ᠤᠯᠠᠮᠵᠢᠯᠠᠯ ᠪᠠᠶᠢᠳᠠᠭ᠃ ᠤᠷᠤᠯᠳᠤᠭᠠᠨ ᠳᠤ ᠣᠷᠣᠯᠴᠠᠭᠰᠠᠳ ᠠᠮᠢᠳᠤᠯᠢᠭ ᠰᠠᠶᠢᠬᠠᠨ ᠦᠭᠡ ᠶᠠᠷᠢᠶ᠎ᠠ ᠪᠠᠷ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠ ᠬᠠᠮᠲᠤ ᠶᠢᠨ ᠰᠡᠳᠬᠢᠯ ᠤᠨ ᠳᠠᠭᠤᠨ ᠢᠶᠠᠨ ᠢᠯᠡᠳᠬᠡᠵᠦ᠂ ᠥᠭᠡᠳᠡᠯᠡᠨ ᠲᠠᠪᠰᠢᠬᠤ ᠪᠠᠷ ᠮᠡᠷᠡᠶᠢᠨ ᠴᠢᠷᠮᠠᠶᠢᠭᠰᠠᠨ᠂ ᠴᠤᠭ ᠪᠠᠳᠠᠷᠠᠩᠭᠤᠢ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠤᠯᠠᠨ ᠢᠶᠠᠷ ᠢᠶᠠᠨ᠂ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ ᠯᠠᠪᠲᠠᠢ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠮᠡᠴᠡᠯ ᠤᠨ ᠬᠠᠷᠠᠯᠲᠠ ᠪᠠᠨ ᠲᠣᠭᠲᠠᠭᠠᠵᠤ᠂ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠷ ᠢᠶᠠᠨ ᠲᠥᠪ ᠶᠣᠰᠣ ᠶᠢ ᠰᠠᠬᠢᠬᠤ ᠪᠠ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠵᠦ᠂ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号