ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠰᠣᠶᠣᠯ ᠤᠨ ᠵᠠᠬ᠎ᠠ ᠳᠡᠯᠭᠡᠭᠦᠷ ᠤᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2024/3/20
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠰᠣᠶᠣᠯ ᠤᠨ ᠵᠠᠬ᠎ᠠ ᠳᠡᠯᠭᠡᠭᠦᠷ ᠤᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠡᠢ     ᠰᠣᠶᠣᠯ ᠤᠨ ᠵᠠᠬ᠎ᠠ ᠳᠡᠯᠭᠡᠭᠦᠷ ᠤᠨ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 4᠎ ᠤ ᠡᠳᠦᠷ᠂ ᠬᠤᠰᠢᠭᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠎ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠲᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃     ᠲᠣᠰ ᠤᠳᠠᠭᠠᠨ ᠤ ᠪᠠᠶᠢᠴᠠᠭᠠᠯᠲᠠ ᠳᠤ 5 ᠬᠡᠪᠯᠡᠯ ᠤᠨ ᠠᠵᠤ ᠠᠬᠤᠶᠢᠯᠠᠯ᠂ 3 ᠬᠡᠪᠯᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠢ ᠰᠣᠩᠭᠤᠨ ᠪᠠᠶᠢᠴᠠᠭᠠᠵᠤ᠂ ᠬᠡᠪᠯᠡᠯ ᠤᠨ ᠠᠵᠤ ᠠᠬᠤᠶᠢᠯᠠᠯ ᠳᠤ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ᠂ ᠲᠠᠪᠤᠨ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠂ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠪᠠ ᠬᠠᠤᠯᠢ ᠪᠤᠰᠤ ᠬᠤᠣᠷ ᠬᠥᠨᠥᠭᠡᠯ ᠲᠠᠢ ᠬᠡᠪᠯᠡᠭᠳᠡᠬᠦᠨ ᠢ ᠬᠡᠪᠯᠡᠭᠰᠡᠨ ᠡᠰᠡᠬᠦ᠂ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ ᠵᠢᠴᠢ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠬᠡᠪᠯᠡᠭᠰᠡᠨ ᠡᠰᠡᠬᠦ ᠵᠡᠷᠭᠡ ᠦᠵᠡᠭᠳᠡᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ  ᠪᠠᠶᠢᠴᠠᠭᠠᠪᠠ᠃ ᠡᠭᠦᠨ ᠤ ᠬᠠᠮᠲᠤ ᠬᠠᠮᠢᠶ᠎ᠠ ᠪᠦᠬᠦᠢ ᠲᠠᠯᠠᠪᠤᠷ ᠭᠠᠵᠠᠷ ᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠪᠠ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠮᠡᠨᠳᠦ ᠠᠮᠤᠷ ᠲᠦᠪᠰᠢᠨ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠬᠠᠮᠠᠭᠠᠯᠠᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号