ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18᠎ ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ  ᠬᠠᠢ ᠬᠡᠷᠡᠯᠲᠦ ᠨᠥᠬᠦᠷ ᠡᠷᠬᠡ ᠣᠯᠭᠤᠬᠤ ᠪᠠ ᠡᠭᠦᠷᠭᠡ ᠬᠤᠪᠢᠶᠠᠷᠢᠯᠠᠬᠤ ᠲᠣᠭᠲᠠᠭᠠᠯ ᠢ ᠨᠡᠶᠢᠲᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠧᠢ ᠳ᠋ᠧᠩ ᠺᠧ ᠨᠥᠬᠦᠷ ᠬᠤᠷᠠᠯ ᠳᠤ ᠣᠷᠣᠯᠴᠠᠭᠰᠠᠨ ᠪᠥᠭᠡᠳ ᠴᠠᠭᠳᠠᠨ ᠪᠠᠶᠢᠴᠠᠭᠠᠬᠤ ᠠᠵᠢᠯ ᠤᠨ ᠡᠭᠦᠷᠭᠡ ᠎ ᠶᠢ ᠪᠠᠶᠢᠷᠢᠯᠠᠭᠤᠯᠵᠠᠢ᠃     ᠬᠤᠷᠠᠯ ᠠᠴᠠ᠂ ᠴᠠᠭᠳᠠᠨ ᠪᠠᠶᠢᠴᠠᠭᠠᠯᠲᠠ ᠨᠢ ᠲᠣᠭᠤᠷᠢᠨ ᠪᠠᠶᠢᠴᠠᠭᠠᠯᠲᠠ ᠶᠢᠨ ᠦᠷᠭᠦᠯᠵᠢᠯᠡᠯ ᠪᠠ ᠥᠷᠭᠡᠳᠬᠡᠯ ᠪᠣᠯᠤᠭᠰᠠᠨ ᠤ ᠬᠤᠪᠢ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠲᠡᠢ ᠭᠠᠷᠳᠠᠴᠠ ᠮᠥᠨ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠎ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠤᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠭᠤᠣᠯᠳᠠᠯᠭ᠎ᠠ ᠶᠢ ᠡᠵᠡᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ︾ ᠪᠠ ᠪᠠᠭ ᠤᠨ ᠪᠦᠷᠢᠯᠳᠦᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠬᠠᠮᠢᠭ᠎ᠠ ᠬᠦᠷᠭᠡᠪᠡᠯ ᠴᠠᠭᠳᠠᠨ ᠪᠠᠶᠢᠴᠠᠭᠠᠬᠤ ᠬᠢᠨᠠᠯᠲᠠ ᠨᠢ ᠲᠡᠨᠳᠡ ᠬᠦᠷᠲᠡᠯ᠎ᠡ ᠳᠠᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ︽ᠬᠤᠶᠠᠷ ᠢ ᠬᠠᠮᠠᠭᠠᠯᠠᠬᠤ︾᠎ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠯᠲᠠ ᠶᠢᠨ ᠰᠡᠭᠦᠯᠴᠢ ᠶᠢ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠡᠶᠢᠲᠡᠴᠢ ᠴᠢᠨᠠᠷᠲᠠᠢ ᠠᠰᠠᠭᠤᠳᠠᠯ ᠪᠠ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢᠨ ᠠᠵᠢᠯᠯᠠᠭ᠎ᠠ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠭᠳᠠᠨ ᠪᠠᠶᠢᠴᠠᠭᠠᠬᠤ ᠶᠢ ᠪᠦᠬᠦᠨ ᠢ ᠪᠦᠷᠬᠦᠭᠦᠯᠬᠦ ᠪᠠ ᠴᠠᠭᠳᠠᠨ ᠪᠠᠶᠢᠴᠠᠭᠠᠬᠤ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠠᠬᠢᠭᠤᠯᠵᠤ᠂ ᠭᠠᠴᠠᠭ᠎ᠠ ᠲᠣᠰᠬᠤᠨ ᠤ ᠱᠠᠲᠤᠨ ᠤ ᠴᠠᠭᠳᠠᠨ ᠪᠠᠶᠢᠴᠠᠭᠠᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠡᠬᠢ ᠪᠠᠶᠠᠯᠢᠭ ᠢ ᠨᠡᠶᠢᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠮᠡᠳᠡᠭᠡ ᠵᠠᠩᠭᠢ᠂ ᠬᠦᠴᠦᠨ ᠴᠢᠳᠠᠯ ᠪᠣᠯᠣᠨ ᠬᠢᠨᠠᠯᠲᠠ ᠲᠠᠯᠪᠢᠬᠤ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠳᠦᠷᠢᠮ ᠤᠨ ᠳᠠᠪᠠᠭᠤᠯᠢᠭ ᠢ ᠦᠨᠡᠨᠬᠦ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃    ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠲᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠠᠴᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ ᠰᠤᠷᠭᠠᠭᠤᠯᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠤᠷᠢᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠣᠭᠤᠷᠢᠨ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠭᠦ ᠭᠡᠰᠢᠭᠦᠳ ᠲᠤ ᠪᠣᠯᠪᠠᠰᠤᠷᠠᠯ ᠥᠷᠨᠢᠭᠦᠯᠪᠡ᠃     ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠳᠤ᠂ ᠬᠤᠰᠢᠭᠤᠨ ᠠᠴᠠ 3 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠣᠰ ᠲᠣᠰ ᠮᠢᠩᠭᠠᠲᠤ ᠪᠠᠯᠭᠠᠰᠤᠨ ᠤ ᠨᠠᠮ ᠤᠨ ᠬᠤᠷᠢᠶ᠎ᠠ᠂  ᠪᠤᠯᠠᠭᠠᠨᠳᠤᠬᠤᠢ ᠰᠤᠮᠤ ᠶᠢᠨ ᠨᠠᠮ ᠤᠨ ᠬᠤᠷᠢᠶ᠎ᠠ ᠵᠢᠴᠢ ᠬᠠᠷᠢᠶᠠᠲᠤ 32 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠳᠤ 60 ᠡᠳᠦᠷ ᠣᠷᠴᠢᠮ ᠤᠨ ᠬᠤᠭᠤᠴᠠᠭ᠎ᠠ ᠲᠠᠢ ᠡᠩ ᠤᠨ ᠴᠠᠭᠳᠠᠨ ᠪᠠᠶᠢᠴᠠᠭᠠᠯᠲᠠ ᠥᠷᠨᠢᠭᠦᠯᠦᠨ᠎ᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号