ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠦᠨᠳᠦᠰᠦᠨ ᠱᠠᠲᠤᠨ ᠤ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠳᠡᠬᠦᠰ ᠠᠮᠵᠢᠯᠲᠠ ᠲᠠᠢ ᠳᠡᠬᠦᠰᠪᠡ
ᠨᠡᠶᠢᠲᠡᠯᠡᠭᠰᠡᠨ ᠴᠠᠭ᠄
2024/3/20
    ᠴᠢᠷᠮᠠᠶᠢᠨ ᠲᠡᠮᠡᠴᠡᠪᠡᠯ ᠰᠠᠶ᠋ᠢ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠃ 3 ᠰᠠᠷ᠎ᠠ ᠶᠢᠨ 13 ᠎ ᠤ ᠡᠳᠦᠷ᠂ 8 ᠡᠳᠦᠷ ᠶᠠᠪᠤᠭᠳᠠᠭᠰᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠦᠨᠳᠦᠰᠦᠨ ᠱᠠᠲᠤᠨ ᠤ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ‌‍ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ᠃ ᠲᠣᠰ ᠤᠳᠠᠭᠠᠨ ᠤ ᠪᠣᠯᠪᠠᠰᠤᠷᠠᠭᠤᠯᠤᠯ ᠢ ︽ᠣᠨᠣᠯ ᠤᠨ ᠵᠢᠭᠠᠨ ᠰᠤᠷᠭᠠᠯᠲᠠ +  ᠲᠧᠯᠸᠢᠰ ᠦᠵᠡᠵᠦ ᠵᠢᠭᠠᠨ ᠰᠤᠷᠭᠠᠯᠲᠠ + ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ + ᠳᠤᠭᠤᠶᠢᠯᠠᠩ ᠤᠨ ᠶᠠᠷᠢᠯᠴᠠᠭ᠎ᠠ︾᠎ ᠶᠢᠨ ᠵᠠᠭᠪᠤᠷ ᠢᠶᠠᠷ ᠬᠢᠭᠰᠡᠨ ᠪᠥᠭᠡᠳ ᠥᠷᠯᠥᠭᠡ ᠶᠢᠨ ᠤᠩᠰᠢᠯᠭ᠎ᠠ᠂ ᠲᠤᠰᠬᠠᠢ ᠰᠡᠳᠦᠪᠲᠦ ᠰᠢᠯᠭᠠᠯᠲᠠ ᠵᠡᠷᠭᠡ ᠭᠤᠭᠴᠤᠭ᠎ᠠ ᠶᠢ ᠨᠡᠮᠡᠵᠦ᠂ ᠬᠢᠴᠢᠶᠡᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠵᠢᠭᠠᠨ ᠰᠤᠷᠭᠠᠯᠲᠠ ᠶᠢᠨ ᠨᠥᠯᠥᠭᠡᠯᠡᠬᠦ ᠬᠦᠴᠦᠨ ᠪᠠ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠪᠡ᠃ ᠪᠦᠭᠦ ᠬᠤᠰᠢᠭᠤᠨ ᠤ 30  ᠵᠠᠯᠠᠭᠤ ᠺᠠᠳ᠋ᠷ ᠪᠣᠯᠪᠠᠰᠤᠷᠠᠯ ᠳᠤ ᠣᠷᠣᠯᠴᠠᠵᠠᠢ᠃    ᠲᠣᠰ ᠤᠳᠠᠭᠠᠨ ᠤ ᠪᠣᠯᠪᠠᠰᠤᠷᠠᠯ ᠳᠤ ᠠᠶᠢᠮᠠᠭ ᠬᠤᠰᠢᠭᠤ ᠬᠤᠶᠠᠷ ᠱᠠᠲᠤᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠵᠣᠬᠢᠶᠠᠨ ᠪᠠᠶᠢᠭᠤᠯᠵᠤ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠣᠴᠢᠯᠠᠯ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ᠂ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ᠂ ᠨᠠᠮ ᠤᠨ ᠳᠦᠷᠢᠮ ᠵᠡᠷᠭᠡ ᠲᠤᠰᠬᠠᠢ ᠰᠡᠳᠦᠪᠲᠦ ᠬᠢᠴᠢᠶᠡᠯ ᠢ ᠪᠠᠲᠤ ᠪᠠᠬᠢ ᠪᠣᠶ ᠪᠣᠯᠭᠠᠵᠤ᠂ ᠰᠤᠷᠤᠭᠴᠢᠳ ᠢ ᠤᠯᠠᠮ ᠨᠢᠭᠡ ᠠᠯᠬᠤᠮ ᠬᠠᠪᠰᠤᠷᠤᠨ ᠣᠨᠣᠯ ᠤᠨ ᠰᠠᠭᠤᠷᠢ ᠶᠢ ᠨᠢ ᠪᠠᠲᠤᠳᠬᠠᠵᠤ᠂ ᠤᠯᠤᠰ ᠲᠥᠷᠥ ᠶᠢᠨ ᠤᠬᠠᠮᠰᠠᠷ ᠢ ᠨᠢ  ᠴᠢᠩᠭᠠᠷᠠᠭᠤᠯᠪᠠ᠃    ᠲᠤᠰ ᠤᠳᠠᠭᠠᠨ ᠤ ᠪᠣᠯᠪᠠᠰᠤᠷᠠᠯ ᠳᠤ ︽ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠦᠵᠡᠬᠦ ᠵᠠᠮ ᠢᠶᠠᠷ ᠳᠠᠬᠢᠨ ᠵᠠᠮᠨᠠᠬᠤ︾ ᠲᠤᠬᠠᠢ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠵᠠᠯᠠᠭᠤᠴᠤᠳ ᠤᠨ ᠠᠩᠭᠢ ᠶᠢᠨ ᠰᠤᠷᠤᠭᠴᠢᠳ ᠤᠷᠢᠳ ᠬᠤᠵᠢᠳ ᠰᠢᠯᠢᠩᠬᠤᠲᠠ ᠶᠢᠨ ᠪᠤᠯᠠᠭᠠᠨ ᠰᠤᠮᠤ  ᠎ ᠶᠢᠨ ᠨᠠᠭᠠᠳᠤᠮ ᠤᠨ ᠬᠤᠷᠠᠯ ᠤᠨ ᠲᠠᠯᠠᠪᠠᠶ ᠳᠤ ᠬᠦᠷᠴᠦ ᠳᠤᠮᠳᠠᠳᠤ ᠎ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠎ ᠶᠢᠨ ᠤᠬᠠᠮᠰᠠᠷ ᠢ ᠪᠠᠲᠦ ᠴᠤᠭᠴᠠᠯᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ᠂ ᠨᠠᠮ ᠤᠨ ᠭᠡᠰᠢᠭᠦᠨ ᠤ ᠭᠤᠣᠯ ᠡᠷᠦᠬᠡ ᠶᠢᠨ ᠭᠤᠷᠪᠠᠨ ᠦᠵᠡᠭᠦᠯᠦᠯᠭᠡ ᠶᠢᠨ ᠲᠢᠩᠬᠢᠮ᠂ ᠠᠢ ᠮᠢᠨ ᠨᠡᠶᠢᠭᠡᠮ ᠲᠣᠭᠤᠷᠢᠭ᠂ ᠮᠣᠳᠣᠨ ᠮᠠᠯᠵᠢᠯ ᠤᠨ ᠲᠠᠯᠠᠪᠠᠶ ᠶᠢᠨ ᠣᠳᠣ ᠦᠶ᠎ᠡ ᠎ ᠶᠢᠨ ᠮᠢᠬᠠᠨ ᠤ ᠬᠤᠨᠢᠨ ᠤ ᠠᠵᠤ ᠦᠢᠯᠡᠰ ᠤᠨ ᠬᠦᠷᠢᠶᠡᠯᠡᠩ᠂ ᠰᠢᠯᠢ ᠶᠢᠨ ᠭᠤᠣᠯ ᠠᠶᠢᠮᠠᠭ ᠤᠨ ᠢᠳᠡᠭᠡᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠵᠡᠷᠭᠡ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠤᠬᠠᠢ ᠶᠢᠨ ᠲᠠᠯᠠᠪᠠᠶ ᠳᠤ ᠲᠣᠭᠤᠷᠢᠨ ᠦᠵᠡᠵᠦ ᠰᠤᠷᠤᠯᠴᠠᠪᠠ᠃ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢ ᠪᠠᠲᠦ ᠴᠤᠭᠴᠠᠯᠠᠬᠤ ᠲᠠᠯ᠎ᠠ ᠪᠠᠷ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠭᠰᠠᠨ ᠪᠥᠭᠡᠳ ᠰᠤᠷᠤᠭᠴᠢᠳ ᠤᠨ ᠠᠵᠢᠯ ᠬᠢᠵᠦ ᠦᠢᠯᠡᠰ ᠪᠣᠰᠬᠠᠬᠤ ᠰᠡᠳᠬᠢᠴᠡ ᠶᠢ ᠤᠯᠠᠮ ᠴᠢᠨᠠᠭᠰᠢᠳᠠ ᠨᠡᠭᠡᠭᠡᠵᠡᠢ᠃    ︽ᠤᠳᠤᠷᠢᠳᠬᠤ ᠺᠠᠳ᠋ᠷ ᠲᠠᠶᠢᠰᠠᠨ ᠳᠤ ᠭᠠᠷᠬᠤ︾ ᠬᠡᠯᠪᠡᠷᠢ ᠪᠠᠷ 4 ᠰᠠᠯᠠᠭᠠᠨ ᠲᠠᠰ ᠤᠨ ᠺᠠᠳ᠋ᠷ ᠢ ᠤᠷᠢᠵᠤ ᠰᠤᠷᠤᠭᠴᠢᠳ ᠲᠤ ᠨᠢᠭᠤᠴᠠ ᠶᠢ ᠬᠠᠮᠠᠭᠠᠯᠠᠬᠤ ᠠᠵᠢᠯ ᠤᠨ ᠮᠡᠳᠡᠯᠭᠡ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠨ ᠶᠠᠷᠢᠭᠤᠯᠵᠤ᠂ ᠣᠯᠠᠨ ᠢ ᠬᠠᠪᠰᠤᠷᠤᠨ ᠮᠠᠳᠠᠭ ᠲᠠᠢ ᠠᠰᠠᠭᠤᠳᠠᠯ ᠢ ᠨᠢ ᠲᠠᠶᠢᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠡᠭᠦᠨ ᠤ ᠬᠠᠮᠲᠤ ᠰᠤᠷᠤᠭᠴᠢᠳ ᠢ ᠵᠣᠬᠢᠶᠠᠨ ᠪᠠᠶᠢᠭᠤᠯᠤᠨ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠦ ᠴᠤᠭᠴᠠᠯᠠᠬᠤ ᠭᠤᠣᠯ ᠰᠢᠵᠢᠮ ᠢ ᠪᠠᠲᠤ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠦᠨ᠂ ᠣᠯᠠᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠦᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ᠂ ᠰᠤᠷᠤᠭᠴᠢᠳ ᠤᠨ ᠬᠤᠭᠤᠷᠣᠨᠳᠣᠬᠢ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯᠭᠡ ᠶᠢᠨ ᠴᠢᠳᠠᠪᠤᠷᠢ ᠶᠢ ᠬᠠᠮᠲᠤ ᠪᠠᠷ ᠳᠡᠬᠡᠭᠰᠢᠯᠡᠬᠦᠯᠪᠠ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠢᠶᠠᠷ ᠢᠶᠠᠨ ᠨᠠᠮ ᠤᠨ ᠰᠤᠷᠭᠠᠭᠤᠯᠢ ᠶᠢᠨ ᠰᠠᠶᠢᠨ ᠰᠠᠶᠢᠬᠠᠨ ᠰᠤᠷᠤᠯᠴᠠᠬᠤ ᠰᠤᠷᠲᠠᠯ ᠢ ᠳᠠᠭᠠᠭᠤᠯᠤᠨ ᠠᠪᠠᠴᠢᠵᠤ᠂ ᠣᠨᠣᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠨ᠂ ᠰᠣᠷᠣᠭᠰᠠᠨ ᠢᠶᠠᠨ ᠪᠣᠳᠠᠳᠠᠢ ᠳᠤ ᠬᠡᠷᠡᠭᠯᠡᠬᠦ ᠶᠢ ᠴᠢᠬᠤᠯᠠᠴᠢᠯᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠦᠴᠢᠷ ᠵᠣᠪᠠᠭᠤᠷᠢ ᠶᠢ ᠲᠡᠰᠪᠦᠷᠢᠯᠡᠨ᠂ ᠠᠯᠬᠤᠮ ᠢᠶᠠᠨ ᠡᠷᠡᠰ ᠪᠠᠲᠤ ᠪᠣᠯᠭᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号