ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 79 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 79 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ      2 ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 79 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ 1 ᠰᠠᠷ᠎ᠠ ᠶᠢᠨ 31᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠬᠢᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 1 ᠰᠠᠷ᠎ᠠ ᠶᠢᠨ 31᠎ ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠯᠡᠨ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠴᠢᠨᠠᠷ ᠰᠠᠶᠢᠲᠠᠢ ᠲᠣᠭᠤᠷᠢᠨ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠭᠤᠣᠯ ᠰᠡᠳᠦᠪᠲᠦ ᠬᠥᠮᠦᠵᠢᠯ ᠤᠨ ᠴᠢᠬᠤᠯᠠ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ ᠰᠠᠶᠢᠲᠤᠷ ᠬᠡᠷᠡᠭᠯᠡᠵᠦ᠂ ︽ᠲᠠᠪᠤᠨ ᠦᠷᠭᠦᠯᠵᠢᠯᠡᠬᠦ︾ ᠴᠢᠬᠤᠯᠠ ᠱᠠᠭᠠᠷᠳᠠᠯᠭ᠎ᠠ ᠲᠠᠢ ᠬᠠᠷᠢᠴᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠣᠯᠣᠭᠰᠠᠨ ᠦᠷ᠎ᠡ ᠪᠦᠲᠦᠭᠡᠯ ᠪᠣᠯᠣᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢ ᠦᠨᠡᠨᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠵᠢᠯ ᠤᠨ ᠰᠢᠨ᠎ᠡ ᠡᠭᠦᠷᠭᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠦᠷᠦᠭᠦᠯᠡᠨ ᠪᠤᠰᠢᠭᠤᠬᠠᠨ ᠰᠡᠳᠬᠢᠯ ᠰᠠᠨᠠᠭ᠎ᠠ ᠪᠠᠨ ᠬᠤᠷᠢᠶᠠᠵᠤ᠂ ᠪᠦᠭᠦ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠰᠡᠳᠬᠢᠴᠡ ᠪᠠᠨ ᠱᠠᠯᠠᠪᠳᠠᠨ ᠡᠮᠬᠢᠯᠡᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠰᠠᠬᠢᠯᠭ᠎ᠠ ᠪᠠᠲᠤ ᠪᠠᠨ ᠴᠢᠩᠳᠠᠯᠠᠵᠤ᠂ ᠬᠤᠪᠴᠠᠰᠤ ᠪᠠᠨ ᠴᠡᠭᠴᠡᠯᠡᠵᠦ ᠲᠠᠭᠢᠨ ᠮᠣᠷᠳᠠᠬᠤ ᠲᠡᠮᠡᠴᠡᠯ ᠤᠨ ᠣᠪᠣᠷ ᠪᠠᠶᠢᠳᠠᠯ᠂ ᠴᠠᠭ ᠪᠢᠳᠡᠨ ᠢ ᠬᠦᠯᠢᠶᠡᠬᠦ ᠦᠭᠡᠢ ᠴᠤᠭ ᠪᠠᠳᠠᠷᠠᠩᠭᠤᠢ ᠵᠣᠷᠢᠭ ᠰᠠᠨᠠᠭ᠎ᠠ ᠪᠠᠷ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠳᠠᠭᠠᠨ ᠣᠷᠣᠯᠴᠠᠵᠤ᠂ ᠬᠤᠷᠳᠤᠴᠠ ᠪᠠᠨ ᠳᠡᠭᠡᠭᠰᠢᠯᠡᠭᠦᠯᠦᠨ ᠲᠡᠷᠢᠭᠦᠨ ᠳᠤ ᠣᠷᠣᠬᠤ ᠪᠠᠷ ᠴᠢᠷᠮᠠᠶᠢᠵᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   ᠬᠤᠰᠢᠭᠤ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠴᠢ ᠭᠡᠷ ᠲᠡᠭᠡᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号