ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠣᠷᠳᠣ ᠬᠤᠭᠤᠴᠠᠭ᠎ᠠ ᠪᠠᠷ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠤᠷᠢᠯ᠎ᠠ
ᠨᠡᠶᠢᠲᠡᠯᠡᠭᠰᠡᠨ ᠴᠠᠭ᠄
2024/3/20
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠣᠷᠳᠣ ᠬᠤᠭᠤᠴᠠᠭ᠎ᠠ ᠪᠠᠷ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠤᠷᠢᠯ᠎ᠠ           ᠪᠥᠬᠦ ᠬᠤᠰᠢᠭᠤᠨ ᠤ ᠬᠡᠦᠬᠡᠳ ᠤᠨ ᠰᠠᠯᠠᠭᠠᠨ ᠤ ᠡᠪᠡᠳᠴᠢᠲᠡᠨ ᠤ ᠡᠪᠡᠳᠴᠢᠨ ᠦᠵᠡᠭᠦᠯᠬᠦ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 2024 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠣᠷᠳᠣ ᠬᠤᠭᠤᠴᠠᠭ᠎ᠠ ᠪᠠᠷ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯᠲᠡᠨ ᠵᠠᠩ ᠴᠢᠩ ᠯᠠᠨ ᠢ ᠤᠷᠢᠵᠤ ᠡᠮᠴᠢᠯᠡᠭᠡᠨ ᠳᠤ ᠣᠷᠣᠯᠴᠠᠭᠤᠯᠵᠠᠢ᠃ ᠬᠡᠷᠡᠭᠴᠡᠭᠡ ᠲᠠᠢ ᠬᠡᠦᠬᠡᠳ ᠤᠨ ᠰᠠᠯᠠᠭᠠᠨ ᠤ ᠡᠪᠡᠳᠴᠢᠲᠡᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠨᠢᠭᠡᠳᠦᠭᠡᠷ ᠳᠠᠪᠬᠤᠷ ᠲᠤ ᠬᠦᠷᠴᠦ ᠡᠮᠨᠡᠭᠦᠯᠦᠭᠡᠷᠡᠢ᠃ ᠬᠡᠦᠬᠡᠳ ᠤᠨ ᠡᠮᠨᠡᠯᠭᠡ ᠶᠢᠨ ᠡᠷᠬᠢᠯᠡᠭᠴᠢ ᠡᠮᠴᠢ ᠶᠢᠨ ᠲᠣᠪᠴᠢ ᠲᠠᠨᠢᠯᠴᠠᠭᠤᠯᠭ᠎ᠠ
微信图片_20240320125552_副本.jpg   
     ᠵᠠᠩ ᠴᠢᠩ ᠯᠠᠨ᠂ ᠬᠡᠦᠬᠡᠳ ᠤᠨ ᠰᠠᠯᠠᠭᠠᠨ ᠤ ᠡᠷᠬᠢᠯᠡᠭᠴᠢ ᠡᠮᠴᠢ᠂ ᠥᠪᠥᠷ ᠮᠣᠩᠭᠤᠯ ᠤᠨ ᠰᠢᠨᠵᠢᠯᠡᠬᠦ ᠮᠡᠷᠭᠡᠵᠢᠯ ᠤᠨ ᠶᠡᠭᠡ ᠰᠤᠷᠭᠠᠭᠤᠯᠢ ᠠᠴᠠ ᠲᠡᠭᠦᠰᠴᠦ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠠᠵᠢᠯ ᠢ 30 ᠭᠠᠷᠤᠢ ᠵᠢᠯ ᠬᠢᠪᠡ᠂ ᠤᠤᠯ ᠤᠨ ᠲᠠᠶᠢᠹᠤᠰᠥᠰ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠡᠷᠬᠢᠯᠡᠭᠴᠢ᠂ ᠬᠡᠦᠬᠡᠳ ᠤᠨ ᠰᠠᠯᠠᠭᠠᠨ ᠤ ᠲᠦᠷᠭᠡᠨ ᠠᠪᠤᠷᠠᠯᠳᠠ ᠶᠢᠨ ᠲᠥᠪ ᠤᠨ ᠬᠠᠷᠢᠭᠤᠴᠠᠯᠭᠠᠲᠠᠨ᠂ ᠨᠢᠯᠬ᠎ᠠ ᠬᠡᠦᠬᠡᠳ ᠤᠨ ᠦᠬᠦᠯ ᠢ ᠬᠢᠨᠠᠨ ᠲᠣᠭᠲᠠᠭᠠᠬᠤ ᠵᠥᠪᠯᠡᠯ ᠤᠨ ᠡᠷᠬᠢᠯᠡᠭᠴᠢ᠂ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠰᠠᠯᠠᠭᠠᠨ ᠤ ᠨᠡᠶᠢᠭᠡᠮᠯᠢᠭ ᠤᠨ ᠭᠡᠰᠢᠭᠦᠨ᠂ ᠠᠶᠢᠮᠠᠭ ᠤᠨ ᠳᠡᠰ ᠤᠨ ᠡᠮᠡᠭᠲᠡᠶᠢᠴᠦᠳ ᠤᠨ ᠵᠢᠱᠢᠶᠡᠴᠢ ᠵᠢᠴᠢ ᠰᠢᠯᠢᠳᠡᠭ ᠡᠮᠴᠢ ᠶᠢᠨ ᠴᠣᠯᠠ ᠬᠦᠷᠲᠡᠵᠡᠢ᠃ ᠤᠯᠤᠰ ᠤᠨ ᠳᠡᠰ ᠤᠨ  ᠰᠢᠯᠢᠳᠡᠭ ᠦᠬᠦᠯᠡᠯ ᠢ ᠤᠯᠠᠨᠲᠠ ᠪᠢᠴᠢᠵᠦ᠂ ᠬᠡᠦᠬᠡᠳ ᠤᠨ ᠰᠠᠯᠠᠭᠠᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠲᠤᠷᠰᠢᠯᠭ᠎ᠠ ᠪᠠᠷ ᠪᠠᠶᠠᠯᠢᠭ ᠪᠠᠶᠢᠵᠤ᠂ ᠨᠢᠷᠠᠢ ᠬᠡᠦᠬᠡᠳ ᠪᠠ ᠬᠦᠨᠳᠦ ᠲᠦᠭᠰᠢᠭᠦᠷᠢᠲᠡᠢ ᠬᠡᠦᠬᠡᠳ ᠢ ᠲᠦᠷᠭᠡᠨ ᠠᠪᠤᠷᠠᠬᠤ ᠳᠠᠭᠠᠨ ᠴᠢᠳᠠᠮᠠᠭᠠᠢ ᠪᠠᠶᠢᠳᠠᠭ᠃ᠡᠭᠦᠳᠡᠨ ᠡᠮᠨᠡᠯᠭᠡ ᠶᠢᠨ ᠣᠷᠣᠨ ᠪᠠᠶᠢᠷᠢ     ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠨᠢᠭᠡᠳᠦᠭᠡᠷ ᠳᠠᠪᠬᠤᠷ ᠤᠨ ᠪᠠᠷᠠᠭᠤᠨ ᠲᠠᠯ᠎ᠠ ᠶᠢᠨ ᠬᠡᠦᠬᠡᠳ ᠤᠨ ᠰᠠᠯᠠᠭ᠎ᠠᠡᠭᠦᠳᠡᠨ ᠡᠮᠨᠡᠯᠭᠡ ᠶᠢᠨ ᠴᠠᠭ      2024 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ ᠣᠷᠳᠣ ᠬᠤᠭᠤᠴᠠᠭ᠎ᠠ ᠪᠠᠷ ᠡᠪᠡᠳᠴᠢᠨ ᠦᠵᠡᠭᠦᠯᠬᠦ ᠪᠣᠯᠣᠨ᠎ᠠ      ᠭᠠᠷᠠᠭ ᠤᠨ  ᠨᠢᠬᠡᠨ ᠠᠴᠠ  ᠭᠠᠷᠠᠭ ᠤᠨ ᠳᠠᠪᠣᠨ ᠪ᠊ ᠳᠤ ᠪᠦᠬᠦᠯᠢ ᠡᠳᠦᠷ      ᠭᠠᠷᠠᠭ ᠤᠨ ᠵᠢᠷᠭᠤᠭᠠᠨ ᠤ ᠦᠳᠡ ᠡᠮᠦᠨ᠎ᠡ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号