ᠰᠢᠯᠤᠭᠤᠨ ᠬᠥᠪᠡᠭᠡᠲᠦ ᠴᠠᠭᠠᠨ ᠬᠤᠰᠢᠭᠤ ᠵᠣᠭᠤᠰ ᠤᠬᠢᠶᠠᠬᠤ ᠶᠢ ᠡᠰᠡᠷᠭᠦᠴᠡᠬᠦ ︽ᠬᠠᠪᠤᠷ ᠤᠨ ᠠᠶᠠᠨ︾ ᠭᠤᠣᠯ | ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠶᠢ | ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠤᠯᠪᠠ | 3 ᠰᠠᠷ᠎ᠠ ᠶᠢᠨ 15 ᠤ ᠡᠳᠦᠷ᠂ ᠲᠠᠷᠢᠶᠠᠯᠠᠩ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠰᠠᠯᠪᠤᠷᠢ ᠪᠠᠩᠬᠢ ᠪᠣᠯᠣᠨ ᠮᠢᠩᠭᠠᠲᠤ ᠪᠠᠯᠭᠠᠰᠤᠨ ᠤ ᠪᠧᠢ ᠱᠠᠨ ᠨᠡᠶᠢᠭᠡᠮ ᠲᠣᠭᠤᠷᠢᠭ ᠠᠴᠠ ᠭᠤᠣᠯᠯᠠᠨ ᠡᠷᠭᠢᠯᠡᠵᠦ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠩᠬᠢ ᠵᠢᠴᠢ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ | ᠰᠢᠤᠳᠠᠨ ᠤ ᠬᠠᠳᠠᠭᠠᠯᠠᠮᠵᠢ ᠶᠢᠨ ᠪᠠᠩᠬᠢ᠂ ᠠᠮᠢ ᠨᠠᠰᠤᠨ ᠤ ᠳᠠᠭᠠᠳᠬᠠᠯ ᠵᠡᠷᠭᠡ ᠮᠥᠩᠭᠦᠨ ᠭᠦᠢᠯᠭᠡᠭᠡᠨ | ᠳᠠᠭᠠᠳᠬᠠᠯ ᠤᠨ ᠪᠠᠶᠢᠭᠤᠯᠤᠮᠵᠢ ᠶᠢᠨ ᠬᠠᠮᠵᠢᠯᠴᠠᠨ ᠡᠷᠬᠢᠯᠡᠭᠰᠡᠨ 2024 ᠣᠨ ᠤ ᠰᠢᠯᠢ ᠶᠢᠨ ᠭᠤᠣᠯ ᠠᠶᠢᠮᠠᠭ ᠤᠨ | ᠵᠣᠭᠤᠰ ᠤᠬᠢᠶᠠᠬᠤ ᠶᠢ ᠡᠰᠡᠷᠭᠦᠴᠡᠬᠦ ︽ᠬᠠᠪᠤᠷ ᠤᠨ ᠠᠶᠠᠨ︾ ᠭᠤᠣᠯ ᠰᠡᠳᠦᠪᠲᠦ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ ᠵᠢᠴᠢ ᠴᠠᠬᠢᠯᠭᠠᠨ ᠬᠤᠯᠪᠤᠭᠠᠨ ᠤ ᠰᠦᠯᠵᠢᠶᠡᠨ ᠤ ᠮᠡᠬᠡᠯᠡᠯ ᠶᠢ ᠡᠰᠡᠷᠭᠦᠴᠡᠬᠦ ᠮᠡᠳᠡᠯᠭᠡ ᠶᠢ ᠨᠡᠶᠢᠭᠡᠮ | ᠲᠣᠭᠤᠷᠢᠭ ᠲᠤ ᠣᠷᠣᠭᠤᠯᠬᠤ ᠠᠵᠢᠯᠯᠠᠭ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠪᠢᠶᠠᠷᠢ | ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠮᠢᠩᠭᠠᠲᠦ ᠪᠠᠯᠭᠠᠰᠤᠨ ᠤ ᠪᠧᠢ ᠱᠠᠨ ᠨᠡᠶᠢᠭᠡᠮ ᠲᠣᠭᠤᠷᠢᠭ ᠲᠤ ᠶᠠᠪᠤᠭᠳᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠲᠠᠪᠴᠠᠩ ᠭᠠᠷᠭᠠᠵᠤ᠂ ᠲᠥᠬᠦᠮ | ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠵᠣᠭᠤᠰ ᠤᠬᠢᠶᠠᠭᠰᠠᠨ ᠬᠡᠷᠡᠭ ᠤᠨ ᠵᠢᠱᠢᠶ᠎ᠡ᠂ ᠬᠠᠤᠯᠢ | ᠪᠤᠰᠤ ᠪᠠᠷ ᠪᠡᠯᠡ ᠴᠤᠭᠯᠠᠭᠤᠯᠬᠤ ᠵᠢᠴᠢ ᠪᠠᠩᠬᠢ ᠶᠢᠨ ᠺᠠᠷᠲ ᠢᠶᠠᠨ ᠲᠦᠷᠢᠶᠡᠰᠦᠯᠡᠭᠦᠯᠵᠦ ᠵᠢᠭᠡᠯᠡᠭᠦᠯᠬᠦ ᠶᠢᠨ ᠬᠤᠣᠷ | ᠬᠥᠨᠥᠭᠡᠯᠳᠦ ᠴᠢᠨᠠᠷ ᠵᠡᠷᠭᠡ ᠮᠥᠩᠭᠦᠨ ᠭᠦᠢᠯᠭᠡᠭᠡᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠲᠤᠬᠠᠢ ᠶᠢᠨ | ᠲᠠᠯᠠᠪᠤᠷ ᠲᠤ ᠣᠷᠣᠯᠴᠠᠭᠰᠠᠨ ᠰᠠᠭᠤᠭᠠᠯᠢ ᠠᠷᠠᠳ ᠲᠤ ᠵᠠᠭᠤ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠨ ᠥᠭᠴᠦ᠂ ᠰᠠᠭᠤᠭᠠᠯᠢ ᠠᠷᠠᠳ ᠤᠨ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ | ᠳᠡᠭᠡᠭᠰᠢᠯᠡᠭᠦᠯᠪᠡ᠃ | | | | ᠠᠵᠢᠯᠯᠠᠭ᠎ᠠ ᠶᠢᠨ ᠳᠤᠮᠳᠠ᠂ ᠲᠠᠷᠢᠶᠠᠯᠠᠩ ᠤᠨ ᠪᠠᠩᠬᠢ ᠶᠢᠨ ᠠᠵᠢᠯᠲᠠᠳ ᠵᠣᠭᠤᠰ ᠤᠬᠢᠶᠠᠬᠤ ᠶᠢ ᠡᠰᠡᠷᠭᠦᠴᠡᠬᠦ | ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠥᠷᠨᠢᠭᠦᠯᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠢᠳᠡᠪᠬᠢᠲᠡᠢ ᠪᠠᠷ ᠬᠠᠷᠢᠭᠤᠯᠵᠤ᠂ ᠲᠤᠬᠠᠢ ᠶᠢᠨ ᠲᠠᠯᠠᠪᠤᠷ ᠲᠤ ᠬᠥᠷ | ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠲᠠᠷᠢᠶᠠᠯᠠᠩ ᠤᠨ ᠪᠠᠩᠬᠢ ᠶᠢᠨ ᠠᠵᠢᠯᠲᠠᠳ ᠤᠨ ︽ᠬᠦᠷ ᠬᠥᠭᠵᠢᠶᠡᠨᠲᠦ ᠲᠠᠯ᠎ᠠ ᠨᠤᠲᠤᠭ︾ ᠵᠢᠴᠢ ᠪᠧᠢ ᠱᠠᠨ | ᠨᠡᠶᠢᠭᠡᠮ ᠲᠣᠭᠤᠷᠢᠭ ᠤᠨ ᠨᠣᠮᠢᠨᠳᠠᠯᠠ ᠤᠷᠠᠯᠢᠭ ᠤᠨ ᠪᠦᠯᠬᠦᠮ ᠤᠨ ᠲᠣᠭᠯᠠᠯᠲᠠ ᠶᠢᠨ ᠨᠠᠶᠢᠷᠠᠯ ᠳᠠᠭᠤᠤ ᠪᠥᠵᠢᠭ ᠨᠢ | ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃ | ᠣᠶᠢᠯᠠᠭᠠᠭᠰᠠᠨ ᠢᠶᠠᠷ᠂ ᠢᠷᠡᠬᠦ ᠨᠢᠭᠡ ᠭᠠᠷᠠᠭ ᠤᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠮᠥᠩᠭᠦᠨ | ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ | ᠪᠠᠩᠬᠢ ᠲᠠᠢ ᠬᠠᠮᠲᠤ ᠪᠠᠷ ᠪᠥᠬᠦ ᠬᠤᠰᠢᠭᠤᠨ ᠤ ᠪᠣᠶ ᠪᠦᠬᠦᠢ ᠨᠡᠶᠢᠭᠡᠮ ᠲᠣᠭᠤᠷᠢᠭ ᠲᠤ ᠦᠢᠯᠡᠴᠢᠯᠡᠭᠡᠨ ᠤ | ᠬᠡᠪᠴᠢᠶ᠎ᠡ ᠪᠠᠨ ᠥᠷᠭᠡᠳᠬᠡᠵᠦ᠂ ᠵᠣᠭᠤᠰ ᠤᠬᠢᠶᠠᠬᠤ ᠶᠢ ᠡᠰᠡᠷᠭᠦᠴᠡᠬᠦ᠂ ᠮᠡᠬᠡᠯᠡᠨ ᠬᠢᠬᠠᠬᠤ ᠶᠢ ᠡᠰᠡᠷᠭᠦᠴᠡᠬᠦ | ᠤᠬᠠᠭᠤᠯᠭ᠎ᠠ ᠶᠢ ᠥᠷᠨᠢᠭᠦᠯᠵᠦ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ ᠲᠣᠭᠲᠠᠭᠤᠨ ᠢ | ᠬᠠᠮᠲᠤ ᠪᠠᠷ ᠬᠠᠮᠠᠭᠠᠯᠠᠨ᠎ᠠ᠃ | | |