ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ︽ᠬᠠᠪᠤᠷ ᠤᠨ ᠠᠶᠠᠯᠠᠯ︾ ᠠᠵᠢᠯᠲᠠᠨ ᠡᠯᠰᠡᠬᠦ ᠬᠤᠷᠠᠯ ᠡᠷᠭᠢᠯᠡᠪᠡ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠬᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠠᠵᠢᠯ ᠣᠯᠭᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠪᠥᠬᠦ | ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠠᠵᠢᠯ | ᠣᠯᠬᠤ ᠳᠤ ᠬᠦᠴᠢᠷᠲᠡᠢ ᠬᠥᠮᠥᠰ᠂ ᠮᠠᠯᠴᠢᠨ ᠲᠠᠷᠢᠶᠠᠴᠢᠨ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ | ᠬᠠᠮᠲᠤᠯᠢᠭ ᠢ ᠬᠠᠪᠰᠤᠷᠤᠨ ᠲᠡᠳᠬᠦᠵᠦ ᠭᠦᠢᠴᠡᠳ ᠠᠵᠢᠯ ᠣᠯᠭᠤᠵᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ | ᠠᠵᠢᠯ ᠡᠷᠢᠭᠰᠡᠳ ᠲᠤ ᠨᠢᠭᠤᠷᠲᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ 3 ᠰᠠᠷ᠎ᠠ ᠶᠢᠨ 13 ᠤ ᠡᠳᠦᠷ᠂ | ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠬᠠᠪᠤᠷ ᠤᠨ ᠠᠶᠠᠯᠠᠯ︾ ᠠᠵᠢᠯᠲᠠᠨ ᠡᠯᠰᠡᠬᠦ | ᠴᠤᠭᠯᠠᠭᠠᠨ ᠢ ᠠᠮᠵᠢᠯᠲᠠ ᠲᠠᠢ ᠡᠷᠭᠢᠯᠡᠪᠡ᠃ | | | | | ᠡᠮᠦᠨ᠎ᠡ ᠬᠤᠭᠤᠴᠠᠭᠠᠨ ᠳᠤ᠂ ᠮᠠᠨ ᠤ ᠬᠤᠰᠢᠭᠤᠨ ᠤ ᠠᠵᠢᠯ ᠡᠷᠢᠭᠰᠡᠳ ᠤᠨ ᠠᠵᠢᠯ ᠣᠯᠬᠤ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ | ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠬᠡᠯᠪᠡᠷᠢ ᠪᠠᠷ | ᠠᠵᠢᠯᠴᠢᠨ ᠬᠡᠷᠡᠭᠯᠡᠬᠦ ᠠᠵᠤ ᠠᠬᠤᠶᠢᠯᠠᠯ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠨ᠂ ᠠᠵᠢᠯ ᠤᠨ ᠪᠠᠶᠢᠷᠢ ᠶᠢ ᠴᠤᠭᠯᠠᠭᠤᠯᠤᠨ ᠡᠮᠬᠢᠳᠬᠡᠪᠡ᠃ ᠵᠠᠷᠯᠠᠯ ᠨᠠᠭᠠᠬᠤ | ᠵᠢᠴᠢ ᠵᠢᠷᠬᠢᠶ᠎ᠡ ᠶᠢᠨ ᠳᠡᠪᠴᠡᠩ᠂ ᠵᠢᠷᠬᠢᠶ᠎ᠡ ᠶᠢᠨ ᠰᠦᠷᠦᠭ ᠵᠡᠷᠭᠡ ᠬᠡᠯᠪᠡᠷᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ | ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠬᠢᠬᠦ ᠶᠢᠨ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠢᠯᠴᠢᠨ ᠤ ᠡᠪᠯᠡᠯ | ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠢᠴᠢ ᠵᠡᠮᠳᠡᠭᠴᠦᠳ ᠤᠨ ᠬᠤᠯᠪᠣᠭ᠎ᠠ ᠵᠡᠷᠭᠡ ᠨᠢᠭᠡᠴᠡ ᠲᠠᠢ | ᠬᠠᠮᠲᠤᠷᠠᠯᠴᠠᠵᠤ᠂ ᠠᠵᠢᠯᠲᠠᠨ ᠡᠯᠰᠡᠬᠦ ᠬᠤᠷᠠᠯ ᠤᠨ ᠮᠡᠳᠡᠬᠦ ᠬᠡᠮᠵᠢᠶ᠎ᠡ ᠶᠢ ᠦᠷᠬᠡᠳᠬᠡᠪᠡ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠬᠤᠷᠠᠯ ᠳᠤ ᠣᠷᠣᠯᠴᠠᠭᠰᠠᠨ 23 ᠠᠵᠤ ᠠᠬᠤᠶᠢᠯᠠᠯ | ᠠᠪᠴᠢᠷᠠᠨ᠂ ᠠᠭᠤᠷᠬᠠᠢ ᠶᠢᠨ ᠦᠢᠯᠡᠰ᠂ ᠢᠳᠡᠭᠡᠨ ᠤ ᠵᠦᠢᠯ ᠤᠨ ᠦᠢᠯᠡᠳᠬᠦ ᠦᠢᠯᠡᠰ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠤ ᠬᠤᠯᠪᠣᠭᠳᠠᠭᠤᠯᠤᠨ᠂ 255 ᠠᠵᠢᠯ ᠤᠨ ᠪᠠᠶᠢᠷᠢ ᠬᠠᠩᠭᠠᠭᠰᠠᠨ | ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠠᠵᠢᠯᠴᠢᠨ ᠬᠡᠷᠡᠭᠯᠡᠬᠦ ᠠᠵᠤ | ᠠᠬᠤᠶᠢᠯᠠᠯ ᠤᠨ ᠠᠵᠢᠯᠲᠠᠨ ᠡᠯᠰᠡᠬᠦ ᠣᠷᠣᠨ ᠪᠦᠰᠡ ᠵᠢᠴᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ | ᠯᠠᠪᠯᠠᠯᠭ᠎ᠠ ᠶᠢᠨ ᠭᠠᠵᠠᠷ ᠳᠤᠬᠢᠷᠠᠭᠤᠯᠤᠨ᠂ ᠠᠵᠢᠯᠲᠠᠨ ᠡᠯᠰᠡᠬᠦ ᠴᠤᠭᠯᠠᠭᠠᠨ ᠤ ᠠᠬᠤᠢ ᠲᠠᠯᠠᠪᠠᠶ ᠳᠤ ᠬᠦᠷ | ᠬᠥᠭᠵᠢᠶᠡᠨ ᠲᠠᠢ᠂ ᠠᠵᠢᠯ ᠡᠷᠢᠭᠰᠡᠳ ᠲᠠᠰᠤᠷᠠᠯᠲᠠ ᠦᠭᠡᠢ ᠴᠤᠪᠤᠷᠠᠵᠤ᠂ ᠡᠯ᠎ᠡ ᠠᠵᠤ ᠠᠬᠤᠶᠢᠯᠠᠯ ᠤᠬᠠᠭᠤᠯᠭ᠎ᠠ ᠶᠢᠨ | ᠳᠡᠪᠲᠡᠷ ᠢᠶᠠᠷ ᠳᠠᠮᠵᠢᠭᠤᠯᠤᠨ ᠠᠵᠢᠯ ᠡᠷᠢᠭᠰᠡᠳ ᠲᠤ ᠠᠵᠤ ᠠᠬᠤᠶᠢᠯᠠᠯ ᠤᠨ ᠲᠣᠶᠢᠮᠣ ᠪᠠᠶᠢᠳᠠᠯ᠂ ᠠᠵᠢᠯ ᠤᠨ | ᠪᠠᠶᠢᠷᠢ ᠶᠢᠨ ᠨᠥᠬᠦᠴᠡᠯ᠂ ᠠᠰᠠᠷᠠᠮᠵᠢ ᠬᠠᠷᠠᠭᠠᠯᠵᠠᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠰᠢᠭᠤᠨ ᠤ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠠᠵᠢᠯ ᠡᠷᠢᠭᠰᠡᠳ ᠲᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠠᠵᠢᠯ ᠰᠣᠩᠭᠤᠬᠤ ᠵᠢᠯᠣᠭᠤᠳᠤᠯᠭ᠎ᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ | ᠵᠡᠷᠭᠡ ᠦᠢᠯᠡᠴᠢᠯᠡᠭᠡ ᠬᠠᠩᠭᠠᠵᠤ᠂ 150 ᠭᠠᠷᠤᠢ ᠬᠥᠮᠥᠨ ᠤᠳᠠᠭ᠎ᠠ ᠶᠢ ᠲᠠᠯᠠᠪᠤᠷ ᠲᠤ ᠤᠷᠤᠨ ᠠᠵᠢᠯ ᠡᠷᠢᠵᠦ᠂ | ᠨᠡᠶᠢᠲᠡ 120 ᠭᠠᠷᠤᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠤᠷ ᠲᠤ 31 ᠬᠥᠮᠥᠨ ᠠᠵᠢᠯ | ᠣᠯᠬᠤ ᠰᠠᠨᠠᠭ᠎ᠠ ᠲᠠᠢ ᠪᠣᠯᠵᠤ᠂ 26 ᠬᠥᠮᠥᠨ ᠠᠵᠢᠯ ᠮᠡᠷᠭᠡᠵᠢᠯ ᠤᠨ ᠪᠣᠯᠪᠠᠰᠤᠷᠠᠯ ᠳᠤ ᠨᠡᠷ᠎ᠡ ᠮᠡᠳᠡᠭᠦᠯᠵᠦ | ᠣᠷᠣᠯᠴᠠᠬᠤ ᠪᠠᠷ ᠪᠣᠯᠪᠠ᠃ | ᠣᠶᠢᠯᠠᠭᠠᠭᠰᠠᠨ ᠢᠶᠠᠷ᠂ ᠠᠵᠢᠯᠲᠠᠨ ᠡᠯᠰᠡᠬᠦ ᠴᠤᠭᠯᠠᠭᠠᠨ ᠤ ᠦᠷ᠎ᠡ ᠪᠦᠲᠦᠭᠡᠯ ᠢ ᠪᠠᠲᠤᠳᠬᠠᠬᠤ ᠶᠢᠨ ᠲᠥᠯᠥᠭᠡ᠂ | ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠬᠥᠮᠥᠨ ᠬᠡᠷᠡᠭᠯᠡᠬᠦ ᠨᠢᠭᠡᠴᠡ ᠪᠠ ᠠᠵᠢᠯ | ᠡᠷᠢᠭᠰᠡᠳ ᠤᠨ ᠬᠥᠳᠡᠯᠮᠦᠷᠢ ᠶᠢᠨ ᠭᠡᠷ᠎ᠡ ᠪᠤᠶᠤ ᠠᠵᠢᠯ ᠣᠯᠬᠤ ᠬᠡᠯᠡᠯᠴᠡᠭᠡᠷ ᠲᠣᠭᠲᠠᠭᠰᠠᠨ ᠪᠠᠶᠢᠳᠠᠯ ᠢ ᠦᠷᠭᠦᠯᠵᠢᠯᠡᠨ | ᠮᠥᠷᠳᠡᠵᠦ᠂ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠪᠠ᠃ | ᠳᠠᠷᠠᠭᠠᠴᠢ ᠶᠢᠨ ᠠᠯᠬᠤᠮ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠤᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠦᠢᠯᠡᠴᠢᠯᠡᠭᠡᠨ ᠤ ᠲᠠᠪᠴᠠᠩ ᠢ ᠣᠨᠣᠪᠴᠢᠲᠠᠢ ᠪᠠᠶᠢᠭᠤᠯᠵᠤ᠂ | ᠡᠯ᠎ᠡ ᠲᠦᠷᠦᠯ ᠤᠨ ᠠᠵᠢᠯ ᠣᠯᠭᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ | ᠠᠵᠢᠯ ᠣᠯᠭᠤᠯᠲᠠ ᠶᠢᠨ ᠡᠬᠢ ᠪᠠᠶᠠᠯᠢᠭ ᠢ ᠠᠭᠤᠳᠠᠯᠵᠤ᠂ ᠨᠡᠩ ᠤᠯᠠᠨ ᠬᠥᠮᠥᠰ ᠤᠨ ᠠᠵᠢᠯ ᠣᠯᠭᠤᠯᠲᠠ ᠶᠢ | ᠪᠡᠶᠡᠯᠡᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | | | |