ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠥᠬᠦ ᠠᠷᠠᠳ ᠤᠨ ᠶᠠᠷᠢᠶ᠎ᠠ | ᠢᠯᠡᠳᠬᠡᠯ ᠤᠨ ᠤᠷᠤᠯᠳᠤᠭᠠᠨ ︵ᠬᠤᠶᠠᠳᠠᠭᠢ ᠤᠷᠤᠯᠳᠤᠭᠠᠨ︶ ᠵᠢᠩᠬᠢᠨᠢ ᠪᠠᠷ ᠡᠬᠢᠯᠡᠪᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠪᠦᠭᠦ ᠬᠤᠰᠢᠭᠤᠨ ᠤ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ ᠶᠢᠨ ᠠᠶᠠᠨ | ᠵᠠᠮ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠲᠥᠯᠥᠭᠡ᠂ ᠪᠦᠭᠦ | ᠬᠤᠰᠢᠭᠤᠨ ᠤ ᠺᠠᠳ᠋ᠷ ᠤᠯᠠᠨ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠲᠦᠷᠢᠨ | ᠤᠷᠤᠬᠤ ᠤᠷᠤᠭᠰᠢᠯᠠᠬᠤ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠮᠥᠵᠢᠭᠦᠯᠦᠨ ᠬᠥᠲᠥᠯᠥᠨ | ᠳᠠᠭᠠᠭᠤᠯᠪᠠ᠃ 3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠬᠠᠮᠲᠤᠷᠠᠨ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠠᠷᠠᠳ ᠤᠨ ᠰᠡᠳᠬᠢᠯ ᠳᠤ ᠳᠠᠭᠤᠷᠢᠰᠤᠭᠰᠠᠨ︾ ᠪᠥᠬᠦ ᠠᠷᠠᠳ ᠤᠨ | ᠶᠠᠷᠢᠶ᠎ᠠ ᠢᠯᠡᠳᠬᠡᠯ ᠤᠨ ᠤᠷᠤᠯᠳᠤᠭᠠᠨ ︵ᠬᠤᠶᠠᠳᠠᠭᠢ ᠤᠷᠤᠯᠳᠤᠭᠠᠨ︶ ᠢ ᠡᠷᠭᠢᠯᠡᠵᠦ᠂ ᠲᠡᠯᠡᠶ ᠶᠢᠨ ᠰᠣᠩᠭᠤᠭᠤᠯᠢ᠂ | ᠬᠤᠶᠠᠳᠠᠭᠢ ᠤᠷᠤᠯᠳᠤᠭᠠᠨ ᠤ ᠬᠤᠶᠠᠷ ᠡᠭᠡᠯᠵᠢ ᠶᠢᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 10 ᠲᠠᠮᠢᠷᠴᠢᠨ | ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠳᠤ ᠣᠷᠣᠯᠴᠠᠵᠠᠢ᠃ | | | | 9 ᠤᠷᠤᠯᠳᠤᠭᠠᠨ ᠤ ᠲᠣᠭᠤᠷᠢᠭ ᠲᠤ ᠰᠣᠩᠭᠤᠨ ᠬᠦᠷᠭᠡᠭᠰᠡᠨ 26ᠤᠷᠤᠯᠴᠠᠭᠰᠠᠳ ᠭᠤᠣᠯ ᠰᠡᠳᠦᠪ ᠤᠨ | ᠲᠣᠭᠤᠷᠢᠨ ᠳᠤ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ᠂ ᠲᠥᠷᠥᠭᠳᠡᠯ ᠢᠶᠠᠨ | ᠶᠠᠷᠢᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠶᠠᠷᠢᠵᠤ᠂ ᠦᠨᠡᠨ ᠪᠣᠳᠠᠲᠠᠢ ᠬᠠᠶᠢᠷ᠎ᠠ ᠰᠡᠳᠬᠢᠯᠭᠡ᠂ ᠠᠮᠢᠳᠤ ᠰᠣᠷᠭᠤᠭ | ᠪᠣᠳᠠᠲᠤ ᠵᠢᠱᠢᠶ᠎ᠡ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠥᠩᠭᠡᠷᠡᠭᠦᠯᠦᠭᠰᠡᠨ ᠲᠡᠦᠬᠡᠲᠦ ᠴᠢᠨᠠᠷᠲᠠᠢ | ᠠᠮᠵᠢᠯᠲᠠ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ᠂ ᠭᠡᠷᠡᠴᠢᠯᠡᠭᠰᠡᠨ ᠲᠡᠮᠡᠴᠡᠯ ᠤᠨ ᠦᠯᠢᠭᠡᠷ ᠵᠡᠷᠭᠡ | ᠠᠭᠤᠯᠭ᠎ᠠ ᠶᠢ ᠠᠮᠢᠳᠤᠯᠢᠭ ᠢᠶᠠᠷ ᠶᠠᠷᠢᠵᠤ᠂ ᠶᠠᠷᠢᠶ᠎ᠠ ᠢᠯᠡᠳᠬᠡᠯ ᠬᠢᠵᠦ᠂ ᠵᠣᠷᠢᠭᠲᠠᠢ ᠪᠠᠷ ᠬᠤᠰᠢᠭᠤᠴᠢ ᠪᠣᠯᠬᠤ ᠴᠠᠭ | ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ | ᠨᠢᠭᠡ ᠦᠯᠢᠭᠡᠷ ᠲᠤ ᠨᠢᠭᠡ ᠬᠤᠪᠢ ᠰᠡᠳᠬᠢᠯ ᠬᠥᠳᠡᠯᠵᠦ᠂ ᠨᠢᠭᠡ ᠦᠯᠢᠭᠡᠷ ᠲᠤ ᠨᠢᠭᠡ ᠬᠤᠪᠢ ᠤᠯᠠᠮᠵᠢᠯᠠᠯ | ᠪᠠᠶᠢᠳᠠᠭ᠃ ᠤᠷᠤᠯᠳᠤᠭᠠᠨ ᠳᠤ ᠣᠷᠣᠯᠴᠠᠭᠰᠠᠳ ᠠᠮᠢᠳᠤᠯᠢᠭ ᠰᠠᠶᠢᠬᠠᠨ ᠦᠭᠡ ᠶᠠᠷᠢᠶ᠎ᠠ ᠪᠠᠷ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠ ᠬᠠᠮᠲᠤ ᠶᠢᠨ ᠰᠡᠳᠬᠢᠯ ᠤᠨ ᠳᠠᠭᠤᠨ ᠢᠶᠠᠨ ᠢᠯᠡᠳᠬᠡᠵᠦ᠂ | ᠥᠭᠡᠳᠡᠯᠡᠨ ᠲᠠᠪᠰᠢᠬᠤ ᠪᠠᠷ ᠮᠡᠷᠡᠶᠢᠨ ᠴᠢᠷᠮᠠᠶᠢᠭᠰᠠᠨ᠂ ᠴᠤᠭ ᠪᠠᠳᠠᠷᠠᠩᠭᠤᠢ ᠰᠢᠨ᠎ᠡ ᠴᠠᠭ ᠦᠶ᠎ᠡ ᠶᠢᠨ | ᠵᠠᠯᠠᠭᠤᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠤᠯᠠᠨ ᠢᠶᠠᠷ ᠢᠶᠠᠨ᠂ ᠳᠠᠷᠠᠭᠠᠴᠢ ᠶᠢᠨ | ᠠᠯᠬᠤᠮ ᠤᠨ ᠠᠵᠢᠯ ᠳᠤᠮᠳᠠ ᠪᠠᠨ ᠯᠠᠪᠲᠠᠢ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠮᠡᠴᠡᠯ ᠤᠨ | ᠬᠠᠷᠠᠯᠲᠠ ᠪᠠᠨ ᠲᠣᠭᠲᠠᠭᠠᠵᠤ᠂ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠷ ᠢᠶᠠᠨ ᠲᠥᠪ ᠶᠣᠰᠣ ᠶᠢ ᠰᠠᠬᠢᠬᠤ | ᠪᠠ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠵᠦ᠂ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ | ᠢᠯᠡᠳᠬᠡᠵᠡᠭᠡᠪᠡ᠃ |